内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢ ᠴᠢᠨᠠᠷ ᠰᠠᠶᠢᠳᠠᠢ ᠪᠠᠷ ᠪᠠᠶᠡᠯᠡᠬᠦᠯᠦᠭᠰᠡᠨ ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠠᠢ
        ᠨᠡᠶᠢᠲᠡᠯᠡᠭᠰᠡᠨ ᠴᠠᠭ᠄
        2021/6/22
              6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠵᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠠᠪᠤᠳᠤᠭᠠᠷ ᠲᠠᠯᠠᠪᠠᠶ — ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠲᠤᠰᠬᠠᠢ ᠳᠠᠯᠠᠪᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠪᠠᠶᠢᠳᠠᠯ ᠢ ᠳᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠥᠪᠥᠷ ᠮᠣᠩᠭᠤᠯ ᠪᠣᠯ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠴᠢᠬᠤᠯᠠ ᠳᠠᠶᠢᠯᠠᠯᠳᠤᠭᠠᠨ ᠤ ᠲᠠᠯᠠᠪᠤᠷ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠷᠤᠨ ᠳᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠪᠤᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠳᠡᠷᠢᠭᠦᠨ ᠴᠢᠬᠤᠯᠠ ᠢᠨᠵᠧᠨᠧᠷᠢᠩ ᠪᠣᠯᠭᠠᠬᠤ ᠶᠢ ᠪᠠᠷᠢᠮᠲᠠᠯᠠᠨ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠲᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ ᠮᠠᠨ ᠤ ᠣᠷᠣᠨ ᠨᠠᠮ ᠤᠨ ᠲᠥᠪ ᠬᠤᠷᠢᠶᠠᠨ ᠠᠴᠠ ᠪᠠᠭᠤᠯᠭᠠᠭᠰᠠᠨ ︽ᠵᠠᠷᠯᠢᠭ ᠤᠨ ᠪᠢᠴᠢᠭ︾ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠭᠬᠦᠭᠰᠡᠨ ᠲᠥᠪ ᠴᠢᠩᠭ᠎ᠠ ᠠᠮᠠᠯᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢ ᠴᠢᠨᠠᠷ ᠰᠠᠶᠢᠳᠠᠢ ᠪᠠᠷ ᠪᠠᠶᠡᠯᠡᠬᠦᠯᠦᠭᠰᠡᠨ ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ 2019 ᠣᠨ᠂ 2020 ᠣᠨ ᠤ ᠮᠤᠵᠢ ᠶᠢᠨ ᠲᠡᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠮᠵᠢᠯᠳᠠ ᠪᠦᠲᠦᠮᠵᠢ ᠶᠢᠨ ᠰᠢᠯᠭᠠᠨ ᠦᠨᠡᠯᠡᠯᠲᠡ ᠳᠤ ᠰᠠᠶᠢᠨ ᠳᠡᠰ ᠢᠶᠠᠷ ᠦᠨᠡᠯᠡᠭᠳᠡᠵᠦ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠮᠵᠢᠯᠳᠠ ᠪᠦᠲᠦᠮᠵᠢ ᠶᠢᠨ ᠰᠢᠯᠭᠠᠨ ᠦᠨᠡᠯᠡᠯᠲᠡ ᠳᠤ ᠭᠤᠷᠪᠠᠨ ᠵᠢᠯ ᠳᠠᠷᠠᠭᠠᠯᠠᠨ ᠰᠠᠶᠢᠨ ᠢᠶᠠᠷ ᠦᠨᠡᠯᠡᠭᠳᠡᠵᠦ᠂ ᠪᠡᠯᠡ ᠮᠥᠩᠭᠦ ᠶᠢᠨ ᠬᠡᠷᠡᠭᠯᠡᠬᠡᠨ ᠤ ᠠᠮᠵᠢᠯᠳᠠ ᠪᠦᠲᠦᠮᠵᠢ ᠶᠢᠨ ᠰᠢᠯᠭᠠᠨ ᠦᠨᠡᠯᠡᠯᠲᠡ ᠳᠤ ᠭᠤᠷᠪᠠᠨ ᠵᠢᠯ ᠳᠠᠷᠠᠭᠠᠯᠠᠨ ᠰᠢᠯᠢᠳᠡᠭ ᠢᠶᠠᠷ ᠦᠨᠡᠯᠡᠭᠳᠡᠪᠡ᠃      ᠮᠠᠨ ᠤ ᠤᠷᠤᠨ 8 ᠵᠢᠯ ᠤᠨ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ 5 ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠪᠠᠷ ᠳᠠᠮᠵᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠵᠤ᠂ ᠤᠤᠯ ᠤᠨ ᠶᠠᠳᠠᠭᠤ ᠬᠦᠴᠢᠷᠳᠡᠯᠳᠠᠢ ᠭᠠᠵᠠᠷ ᠣᠷᠣᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠪᠠ᠃ ᠪᠥᠬᠦ ᠣᠷᠣᠨ ᠤ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠤᠷᠳᠤ 6.5 ᠲᠦᠮᠡᠨ ᠺᠢᠯᠤᠮᠧᠲᠷ ᠲᠤ ᠬᠦᠷᠴᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠤᠷᠢᠳᠤ ᠭᠠᠷᠤᠭ᠎ᠠ ᠦᠬᠡᠢ ᠨᠡᠮᠡᠭᠳᠡᠨ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠳᠤ ᠢᠯᠡᠳᠲᠡ ᠬᠤᠪᠢᠷᠠᠯᠲᠠ ᠭᠠᠷᠴᠦ᠂ ᠶᠠᠳᠠᠭᠤ ᠬᠦᠴᠢᠷᠳᠡᠯ ᠢ ᠵᠠᠰᠠᠬᠤ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠭᠰᠡᠨ ᠪᠠᠶᠢᠨ᠎ᠠ᠃      ᠶᠠᠳᠠᠭᠤ ᠠᠴᠠ ᠠᠩᠭᠢᠵᠢᠷᠠᠭᠰᠠᠨ ᠨᠢ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠳᠡ ᠪᠤᠯᠬᠤ ᠶᠤᠮ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠤ ᠳᠠᠷᠠᠭ᠎ᠠ᠂ ︽ᠮᠠᠯ ᠠᠵᠤ ᠠᠬᠤᠢ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠰᠢᠯᠵᠢᠪᠠ᠂ ᠲᠡᠭᠦᠨ ᠤ ᠭᠦᠨᠴᠡ᠂ ᠥᠷᠭᠡᠴᠡ ᠪᠠ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠠᠴᠠ ᠳᠣᠣᠷ᠎ᠠ ᠦᠭᠡᠢ ᠶᠤᠮ᠃ ᠬᠤᠶᠢᠰᠢᠳᠠ ᠶᠢᠨ ᠠᠵᠢᠯ ᠳᠤᠮᠳᠠ᠂ ᠮᠠᠨ ᠤ ᠤᠷᠤᠨ ᠦᠪᠡᠷᠳᠡᠭᠡᠨ ᠵᠠᠰᠠᠬᠤ ᠤᠷᠤᠨ ᠠᠴᠠ ᠶᠡᠷᠦᠩᠬᠡᠶ ᠬᠠᠷᠢᠭᠤᠴᠠᠯᠭ᠎ᠠ ᠡᠬᠦᠷᠬᠡᠯᠡᠬᠦ᠂ ᠠᠶᠢᠮᠠᠭ ᠬᠤᠲᠠ ᠬᠤᠰᠢᠭᠤ ᠰᠢᠶᠠᠨ ᠰᠤᠮᠤ ᠰᠢᠶᠠᠩ ᠪᠠᠯᠭᠠᠰᠤ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠮᠵᠢᠯᠳᠠ ᠪᠦᠳᠦᠮᠵᠢ ᠪᠠᠨ ᠪᠠᠳᠤᠳᠬᠠᠨ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤ ᠶᠢᠨ ᠴᠢᠨᠠᠷᠳᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠯ ᠡᠬᠦᠰᠬᠦ ᠦᠬᠡᠢ ᠪᠠᠶᠢᠬᠤ ᠶᠢ ᠦᠨᠡᠨ ᠬᠦ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠮᠵᠢᠯᠳᠠ ᠪᠦᠳᠦᠮᠵᠢ ᠪᠠᠨ ᠪᠠᠳᠤᠳᠬᠠᠨ ᠥᠷᠭᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠯᠤᠭ᠎ᠠ ᠪᠦᠳᠦᠮᠵᠢᠳᠠᠢ ᠵᠤᠯᠭᠠᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠡ ᠪᠠᠷ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠪᠤᠯᠤᠨ ᠮᠠᠯ ᠠᠵᠤ ᠠᠬᠤᠶ ᠲᠠᠷᠢᠶᠠᠯᠠᠩ ᠤᠨ ᠣᠳᠣᠬᠢᠴᠢᠯᠠᠯᠲᠠ ᠶᠢ ᠪᠦᠬᠦ ᠬᠦᠴᠦ ᠪᠠᠷ ᠠᠬᠢᠭᠤᠯᠬᠤ ᠪᠤᠯᠤᠨ᠎ᠠ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ