内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ
        ᠨᠡᠶᠢᠲᠡᠯᠡᠭᠰᠡᠨ ᠴᠠᠭ᠄
        2021/6/23
              ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠲᠤᠷᠰᠢᠯᠭ᠎ᠠ ᠶᠢ ᠬᠦᠨᠵᠡᠬᠡᠶᠢᠷᠡᠬᠦᠯᠦᠨ ᠬᠡᠷᠡᠭᠯᠡᠵᠥ ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠱᠠᠲᠤᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠳᠤᠷ ᠪᠢᠴᠢᠭᠯᠡᠶ᠎ᠡ      ᠱᠢ ᠲᠠᠢ ᠹᠧᠩ ᠶᠠᠷᠢᠶ᠎ᠠ ᠲᠠᠯᠪᠢᠵᠦ ᠪᠦ᠋ ᠰᠢᠶᠤᠤ ᠯᠢᠨ ᠬᠤᠷᠠᠯ ᠢ ᠡᠷᠬᠢᠯᠡᠵᠡᠢ           6 ᠰᠠᠷ᠎ᠠ ᠶᠢᠨ 22 ᠤᠨ ᠡᠳᠦᠷ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠥ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠵᠤ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠶᠡᠷᠦ ᠪᠤᠰᠤ ᠶᠢᠨ ᠥᠩᠭᠡᠷᠡᠯᠲᠡ ᠪᠣᠯᠤᠨ ᠴᠢᠬᠤᠯᠠ ᠶᠡᠭᠡ ᠠᠮᠵᠢᠯᠲᠠ ᠶᠢ ᠡᠷᠭᠢᠴᠡᠭᠦᠯᠦᠨ ᠳ᠋ᠦᠩᠨᠡᠵᠦ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠥ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠲᠤᠷᠰᠢᠯᠭ᠎ᠠ ᠶᠢ ᠬᠦᠨᠵᠡᠬᠡᠶᠢᠷᠡᠬᠦᠯᠦᠨ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠶᠢᠨ ᠠᠮᠵᠢᠯᠳᠠ ᠪᠦᠳᠦᠮᠵᠢ ᠪᠠᠨ ᠪᠠᠳᠤᠳᠬᠠᠨ ᠥᠷᠭᠡᠳᠬᠡᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠡᠷᠡᠰ ᠭᠤᠶᠢᠪᠢᠰᠢ ᠥᠬᠡᠶ ᠪᠠᠷ ᠯᠠᠪᠳᠠᠭᠤᠨ ᠪᠠᠲᠤᠲᠠᠶ ᠤᠷᠤᠭᠰᠢᠯᠠᠨ᠂ ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠱᠠᠲᠤᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃ 
        W020210622554420928790.jpg
        W020210622554420927026.jpg  
               ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ  ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃      ᠬᠤᠷᠠᠯ ᠤᠨ ᠲᠠᠯᠠᠪᠠᠢ ᠳᠤ ᠤᠯᠤᠰ ᠤᠨ ᠰᠦᠯᠳᠡ ᠶᠢ ᠥᠨᠳᠥᠷ ᠡᠯᠭᠦᠵᠦ᠂ ᠤᠯᠠᠭᠠᠨ ᠲᠤᠭ ᠨᠠᠮᠢᠷᠠᠨ᠂ ᠬᠦᠷ ᠬᠥᠭᠵᠢᠶᠡᠨ ᠢᠶᠠᠷ ᠪᠢᠯᠬᠠᠨ᠎ᠠ᠃ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠶᠡᠭᠡ ᠬᠤᠷᠠᠯ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠳᠤᠮᠳᠠ ᠡᠬᠢᠯᠡᠵᠦ᠂ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠤᠯᠤᠰ ᠤᠨ ᠰᠦᠯᠳᠠ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠳᠠᠷᠠᠭ᠎ᠠ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ︽ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠡᠷᠢᠭᠦᠨ ᠤ ᠬᠤᠪᠢ ᠬᠥᠮᠦᠨ ᠪᠠ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠵᠦ᠂         ᠵᠠᠩ ᠬᠠᠶ ᠵᠢᠶᠦ᠋ᠨ ᠵᠡᠷᠭᠡ 595 ᠨᠥᠬᠦᠷ ᠲᠤ ︽ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠡᠷᠢᠭᠦᠨ ᠤ ᠬᠤᠪᠢ ᠬᠥᠮᠦᠨ︾ ᠤ ᠴᠣᠯᠠ ᠣᠯᠭᠤᠵᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠵᠡᠷᠭᠡ 400 ᠬᠠᠮᠲᠤ ᠳᠤ ︽ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠡᠷᠢᠭᠦᠨ ᠤ ᠬᠠᠮᠲᠤ︾ ᠶᠢᠨ ᠴᠣᠯᠠ ᠣᠯᠭᠤᠬᠤ ᠪᠠᠷ         ᠲᠣᠭᠲᠠᠪᠠ᠃ ᠱᠢ ᠲᠠᠢ ᠹᠧᠩ᠂ ᠪᠦ᠋ ᠰᠢᠶᠤᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃
        W020210622554420932610.jpg
                 ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠤᠪᠢ ᠨᠡᠮᠡᠷᠢ ᠦᠵᠡᠭᠦᠯᠦᠭᠰᠡᠨ ᠪᠦᠬᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠦᠳᠡᠭᠡ ᠳᠤᠰᠬᠤᠨ ᠮᠠᠯᠵᠢᠬᠤ ᠲᠠᠷᠢᠶᠠᠯᠠᠬᠤ ᠣᠷᠣᠨ ᠤ ᠥᠷᠭᠡᠨ ᠤᠯᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢᠨ ᠭᠡᠰᠢᠭᠦᠨ᠂ ᠰᠠᠶᠢᠨ ᠲᠤᠷᠠᠴᠤᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ︔ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠦᠴᠦᠲᠡᠶ ᠳᠡᠮᠵᠢᠭᠰᠡᠨ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ ᠤ ᠠᠵᠢᠯᠯᠠᠬᠤ ᠠᠩᠬᠢ ᠶᠢᠨ ᠭᠡᠰᠢᠭᠦᠨ᠂ ᠪᠡᠭᠡᠵᠢᠩ ᠤᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠬᠦᠷᠭᠡᠭᠰᠡᠳ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ ᠪᠣᠯᠤᠨ ᠮᠠᠨ ᠤ ᠣᠷᠣᠨ ᠳᠤ ᠰᠠᠭᠤᠭ᠎ᠠ ᠲᠥᠪ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠵᠢᠴᠢ ᠮᠠᠨ ᠤ ᠣᠷᠣᠨ ᠤ ᠶᠠᠳᠠᠭᠤ ᠶᠢ ᠲᠡᠳᠬᠦᠬᠦ ᠦᠢᠯᠡᠰ ᠢ ᠢᠳᠡᠪᠬᠢᠲᠡᠶ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠳᠡᠬᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃
        W020210622554420944734.jpg
              ᠱᠢ ᠲᠠᠢ ᠹᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠤᠷᠢᠭ᠎ᠠ ᠱᠤᠭᠤᠮ ᠤᠨ ᠡᠭᠦᠷᠭᠡ ᠪᠣᠯᠭᠠᠵᠤ᠂ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠡᠷᠴᠢᠮ ᠢᠶᠠᠷ ᠬᠠᠮᠤᠭ ᠤᠨ ᠴᠢᠩᠭ᠎ᠠ᠂ ᠬᠠᠮᠤᠭ ᠤᠨ ᠤᠯᠠᠨ ᠬᠥᠮᠦᠨ ᠠᠮᠠ ᠳᠤ ᠠᠰᠢᠭ ᠬᠦᠷᠲᠡᠭᠡᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠢ ᠬᠡᠳᠦᠨ ᠮᠢᠩᠭᠠᠨ ᠵᠢᠯ ᠭᠠᠴᠢᠭᠳᠠᠭᠤᠯᠤᠭᠰᠠᠨ ᠤᠨᠴᠠ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠬᠥᠮᠦᠨ ᠤ ᠶᠢᠷᠲᠢᠨᠴᠦ ᠶᠢᠨ ᠪᠠᠰᠠ ᠨᠢᠭᠡᠨ ᠭᠠᠶᠢᠬᠠᠮᠰᠢᠭ ᠢ ᠡᠭᠦᠳᠴᠡᠢ᠃ ᠥᠪᠥᠷ ᠮᠣᠩᠭᠤᠯ ᠪᠣᠯ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠲᠠᠶᠢᠯᠠᠯᠳᠤᠭᠠᠨ ᠤ ᠲᠠᠯᠠᠪᠤᠷ ᠮᠥᠨ᠂ ᠡᠳᠡᠭᠡᠷ ᠵᠢᠯ ᠤᠳ ᠲᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠲᠠᠷᠢᠬᠦᠨ ᠢᠨᠵᠧᠨᠧᠷᠢᠩ ᠪᠣᠯᠭᠠᠵᠤ᠂ ᠶᠠᠳᠠᠭᠤ ᠬᠦᠴᠢᠷᠳᠡᠯ ᠢ ᠠᠷᠢᠯᠭᠠᠬᠤ ᠦᠭᠡᠢ ᠪᠤᠯᠪᠠᠰᠤ ᠲᠡᠦᠬᠡ ᠳᠤ ᠣᠰᠣᠯᠳᠠᠨ᠎ᠡ ᠬᠡᠰᠡᠨ ᠬᠠᠷᠢᠭᠤᠴᠠᠯᠭ᠎ᠠ ᠡᠭᠦᠷᠭᠡᠯᠡᠯ᠂ ᠣᠯᠠᠨ ᠲᠦᠮᠡᠨ ᠢ ᠪᠠᠶᠠᠵᠢᠭᠤᠯᠬᠤ ᠦᠭᠡᠢ ᠪᠤᠯᠪᠠᠰᠤ ᠰᠠᠨᠠᠭ᠎ᠠ ᠠᠮᠤᠷ ᠪᠠᠶᠢᠵᠤ ᠴᠢᠳᠠᠬᠤ ᠦᠭᠡᠢ ᠬᠡᠬᠦ ᠠᠷᠠᠳ ᠤᠨ ᠲᠦᠯᠦᠬᠡ ᠬᠡᠰᠡᠨ ᠰᠡᠳᠬᠢᠯ᠂ ᠪᠦᠷᠢᠨ ᠢᠯᠠᠯᠲᠠ ᠣᠯᠬᠤ ᠦᠭᠡᠢ ᠪᠣᠯᠪᠠᠰᠤ ᠶᠠᠭᠠᠬᠢᠭᠰᠠᠨ ᠴᠤ ᠴᠡᠷᠢᠭ ᠢᠶᠠᠨ ᠬᠤᠷᠢᠶᠠᠬᠤ ᠦᠭᠡᠢ ᠬᠡᠰᠡᠨ ᠪᠠᠲᠤ ᠵᠣᠷᠢᠭ ᠢᠶᠠᠷ᠂ ᠤᠯᠠᠨ ᠪᠠᠬᠢᠯᠡᠯᠳᠡ ᠶᠢ ᠤᠳᠠᠭ᠎ᠠ ᠲᠠᠷᠠᠭᠠᠯᠠᠨ ᠢᠯᠠᠨ ᠳᠠᠪᠠᠵᠤ᠂ ᠬᠦᠴᠢᠷ ᠠᠰᠠᠭᠤᠳᠠᠯ ᠢ ᠤᠳᠠᠭ᠎ᠠ ᠲᠠᠷᠠᠭᠠᠯᠠᠨ ᠰᠢᠢᠳᠪᠦᠷᠢᠯᠡᠵᠦ᠂ ᠤᠳᠠᠭ᠎ᠠ ᠲᠠᠷᠠᠭᠠᠯᠠᠨ ᠢᠯᠠᠯᠳᠠ ᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠤᠤᠷᠠᠬᠢ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 3681 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠰᠢᠢᠳᠪᠦᠷᠢᠯᠡᠭᠳᠡᠪᠡ᠃ 8 ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠶ ᠲᠡᠮᠡᠴᠡᠯ ᠢᠶᠠᠷ ᠳᠡᠮᠵᠢᠨ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠣᠷᠣᠯᠭ᠎ᠠ ᠪᠠ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠡᠭᠡ ᠠᠯᠬᠤᠮ ᠢᠶᠠᠷ ᠤᠷᠤᠭᠰᠢᠯᠠᠵᠤ᠂ ᠪᠦᠬᠦᠯᠢ ᠴᠣᠭᠴᠠ ᠶᠢᠨ ᠳᠦᠷᠰᠦ ᠪᠠᠶᠢᠳᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠶᠤᠨ ᠰᠠᠨᠠᠭᠠᠨ ᠤ ᠳᠦᠷᠢ ᠳᠦᠷᠬᠦ ᠴᠣ᠋ ᠰᠢᠨ᠎ᠡ ᠪᠠᠶᠢᠳᠠᠯ ᠢᠶᠠᠷ ᠰᠤᠯᠢᠬᠳᠠᠵᠤ᠂ ᠪᠡᠶ᠎ᠡ ᠪᠠᠨ ᠳᠠᠭᠠᠭᠠᠨ ᠬᠦᠴᠦᠷᠬᠡᠭᠵᠢᠬᠦ ᠪᠠ ᠡᠷᠡᠮᠡᠬᠡᠶᠢᠯᠡᠨ ᠳᠠᠪᠰᠢᠬᠤ ᠴᠤᠭ ᠵᠢᠪᠬᠤᠭ᠎ᠠ ᠪᠠᠳᠠᠷᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠳᠠᠪᠳᠠᠭᠳᠠᠨ ᠪᠠᠳᠤᠵᠢᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠨᠡᠩ ᠨᠢᠭᠳᠠᠷᠠᠵᠠᠢ ᠭᠡᠵᠤ ᠵᠢᠭᠠᠵᠤ ᠭᠠᠷᠭᠠᠪᠠ᠃      ᠱᠢ ᠲᠠᠢ ᠹᠧᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢᠨ ᠠᠷᠤ ᠳᠤ᠂ ᠲᠤᠭ᠎ᠠ ᠲᠣᠮᠰᠢ ᠥᠬᠡᠶ ᠬᠦᠨᠳᠦ ᠡᠭᠦᠷᠭᠡ ᠶᠢ ᠡᠭᠦᠷᠭᠡᠯᠡᠨ ᠡᠷᠡᠮᠡᠬᠡᠶᠢᠯᠡᠨ ᠤᠷᠤᠭᠰᠢᠯᠠᠭᠰᠠᠳ ᠤᠨ ᠪᠠᠷ᠎ᠠ ᠬᠠᠷᠠᠭᠳᠠᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠬᠰᠠᠨ ᠥᠯᠢᠭᠡᠷ ᠤᠳ ᠶᠠᠷᠢᠭᠳᠠᠨ ᠤᠯᠠᠮᠵᠢᠯᠠᠭᠳᠠᠵᠤ᠂ ᠦᠢ ᠤᠯᠠᠨ ᠡᠬᠡᠯ ᠵᠢᠷ ᠤᠨ ᠪᠠᠭᠠᠲᠤᠷᠴᠤᠳ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠨ ᠲᠡᠮᠡᠴᠡᠪᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠷᠳᠤ ᠬᠤᠭᠤᠴᠠᠭ᠎ᠠ ᠪᠠᠷ ᠦᠨᠳᠦᠰᠦᠨ ᠱᠠᠲᠤᠨ ᠳᠤ ᠦᠨᠳᠦᠰᠦᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠳᠬᠦᠵᠦ᠂ ᠵᠢᠯ ᠲᠤᠷᠰᠢ ᠶᠠᠳᠠᠭᠤ ᠬᠦᠴᠢᠷᠳᠡᠯᠲᠡᠢ ᠲᠣᠰᠬᠤᠨ ᠳᠤ ᠰᠠᠭᠤᠵᠤ᠂ ᠲᠠᠷᠢᠶᠠᠨ ᠦᠵᠦᠬᠦᠷ ᠢᠶᠠᠷ ᠶᠠᠪᠤᠵᠤ᠂ ᠲᠦᠭ ᠲᠦᠮᠡᠨ ᠠᠶᠢᠯ ᠡᠷᠦᠬᠡ ᠪᠠᠷ ᠤᠷᠤᠵᠤ᠂ ᠠᠷᠠᠳ ᠤᠨ ᠰᠠᠨᠠᠭ᠎ᠠ ᠠᠷᠠᠳ ᠤᠨ ᠪᠠᠶᠢᠳᠠᠯ ᠢ ᠠᠯᠬᠤᠭ᠎ᠠ ᠪᠠᠷ ᠢᠶᠠᠨ ᠬᠡᠮᠵᠢᠵᠦ᠂ ᠤᠯᠠᠨ ᠲᠦᠮᠡᠨ ᠤ ᠬᠦᠰᠡᠯ ᠪᠠᠷᠠᠯᠠᠯ ᠢ ᠬᠤᠶᠠᠷ ᠭᠠᠷ ᠢᠶᠠᠷ ᠢᠶᠠᠨ ᠡᠷᠭᠦᠵᠤ᠂ ᠥᠪᠡᠷ ᠤᠨ ︽ᠶᠠᠳᠠᠷᠠᠯ ᠵᠦᠳᠡᠷᠡᠯ︾ ᠢᠶᠠᠷ ᠢᠶᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ︽ᠵᠣᠯ ᠵᠢᠷᠭᠠᠯ︾ ᠢ ᠰᠣᠯᠢᠵᠤ ᠠᠪᠴᠢᠷᠠᠭᠰᠠᠨ ᠪᠠᠶᠢᠨ᠎ᠠ᠃ ᠪᠢᠳᠡᠨ ᠤ ᠣᠨᠴᠠᠭᠠᠶᠢᠯᠠᠨ ᠡᠬᠦᠷᠢᠳᠡ ᠴᠡᠭᠡᠵᠢᠯᠡᠭᠦᠰᠢᠳᠠᠢ ᠨᠢ᠂ ᠪᠥᠬᠦ ᠣᠷᠣᠨ ᠳᠤ 46 ᠨᠥᠬᠦᠳ ᠡᠷᠬᠢᠮ ᠨᠠᠨᠳᠢᠨ ᠠᠮᠢ ᠨᠠᠰᠤ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠢᠯᠡᠰ ᠲᠤ ᠵᠣᠷᠢᠭᠤᠯᠵᠤ᠂ ᠡᠲᠡᠭᠡᠷ ᠨᠥᠬᠦᠳ ᠦᠢᠯᠡ ᠠᠵᠢᠯᠯᠠᠭ᠎ᠠ ᠪᠠᠷ ᠢᠶᠠᠨ ᠠᠮᠠᠯᠠᠯᠲᠠ ᠪᠠᠨ ᠦᠢᠯᠡᠳᠦᠯᠭᠡᠵᠢᠬᠦᠯᠵᠦ᠂ ᠠᠮᠢ ᠨᠠᠰᠤ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠯᠠᠭᠤᠨ ᠴᠢᠰᠤ ᠪᠠᠷ ᠢᠶᠠᠨ ᠰᠢᠳᠤᠷᠭᠤ ᠰᠦᠭ ᠰᠦᠨᠡᠰᠦ ᠶᠢ ᠱᠤᠭᠤᠵᠤ᠂ ᠵᠢᠳᠭᠦᠯ ᠤᠨ ᠭᠠᠯ ᠢᠶᠠᠷ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠦᠰᠡᠯ ᠤᠨ ᠤᠴᠢ ᠶᠢ ᠬᠥᠭᠵᠢᠭᠡᠵᠦ᠂ ᠡᠷᠬᠢᠮ ᠨᠠᠨᠳᠢᠨ ᠠᠮᠢ ᠨᠠᠰᠤ ᠪᠠᠷ ᠢᠶᠠᠨ ᠡᠪ ᠬᠠᠮᠲᠤᠴᠤᠳ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠬᠠᠷᠠᠮ ᠥᠬᠡᠶ ᠬᠤᠪᠢ ᠨᠡᠮᠡᠷᠢ ᠪᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷ ᠪᠣᠯᠤᠨ ᠠᠷᠠᠳ ᠲᠦᠮᠡᠨ ᠤ ᠠᠯᠪᠠᠨ ᠵᠠᠷᠤᠴᠠ ᠶᠢᠨ ᠵᠣᠷᠢᠭ ᠰᠠᠨᠠᠭᠠᠨ ᠤ ᠥᠷᠯᠥᠭ ᠬᠥᠰᠢᠶ᠎ᠡ ᠶᠢ ᠪᠤᠰᠬᠠᠵᠠᠶ᠃ ᠪᠢᠳᠡ ᠡᠳᠡᠭᠡᠷ ᠬᠠᠮᠤᠭ ᠤᠨ ᠬᠠᠶᠢᠷᠠᠯᠠᠯᠳᠠᠢ᠂ ᠬᠠᠮᠤᠭ ᠤᠨ ᠬᠦᠨᠳᠦᠳᠬᠡᠭᠦᠰᠢᠲᠡᠢ᠂ ᠬᠠᠮᠤᠭ ᠤᠨ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠴᠢ ᠪᠤᠯᠤᠨ ᠬᠠᠮᠤᠭ ᠤᠨ ᠡᠬᠦᠷᠢᠳᠡ ᠪᠡᠳᠤ ᠴᠡᠭᠡᠵᠢᠯᠡᠭᠦᠰᠢᠲᠡᠢ᠂ ᠦᠨᠢᠳᠡ ᠰᠠᠨᠠᠭᠠᠯᠵᠠᠭᠤᠰᠢᠳᠠᠢ ᠪᠦᠬᠡᠳ ᠨᠠᠮ ᠪᠠ ᠠᠷᠠᠳ ᠲᠦᠮᠡᠨ ᠤ ᠰᠡᠳᠬᠢᠯ ᠵᠢᠷᠦᠬᠡᠨ ᠳᠤ ᠥᠨᠢᠳᠡ ᠮᠥᠩᠬᠡᠷᠡᠬᠦ ᠦᠷᠡᠭᠳᠡᠭᠰᠡᠳ ᠤᠨ ᠪᠡᠶ᠎ᠡ ᠳᠡᠭᠡᠷ᠎ᠡ ᠠᠴᠠ ᠬᠥᠮᠦᠨ ᠮᠦᠰᠦ ᠶᠢᠨ ᠬᠦᠴᠦᠨ᠂ ᠤᠶᠤᠨ ᠰᠠᠨᠠᠭᠠᠨ ᠤ ᠬᠦᠴᠦᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ ᠬᠡᠷᠡᠭᠲᠡᠢ ᠭᠡᠵᠤ ᠴᠢᠬᠤᠯᠠᠴᠢᠯᠠᠵᠠᠢ᠃      ᠱᠢ ᠲᠠᠢ ᠹᠧᠩ᠂ ᠥᠪᠥᠷ ᠮᠣᠩᠭᠤᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠨᠴᠠ ᠶᠠᠳᠠᠭᠤ ᠬᠦᠴᠢᠷᠳᠡᠯ ᠠᠴᠠ ᠲᠡᠦᠬᠡᠲᠦ ᠴᠢᠨᠠᠷᠲᠠᠶ ᠪᠠᠷ ᠠᠩᠭᠢᠵᠢᠷᠠᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠳᠠᠭᠠᠨ ᠪᠤᠯ ᠳᠠᠷᠤᠶ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠳᠤᠮᠳᠠᠳᠤ ᠤᠯᠤᠰ ᠤᠨ ᠣᠨᠴᠠᠯᠢᠭ ᠲᠠᠢ ᠶᠠᠳᠠᠭᠤ ᠬᠦᠴᠢᠷᠳᠡᠯ ᠲᠠᠢ ᠳᠡᠮᠡᠴᠡᠬᠦ ‍ᠣᠨᠣᠯ ᠤᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠨ᠎ᠠ᠃ ᠪᠢᠳᠡ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ︔ ᠠᠷᠠᠳ ᠲᠦᠮᠡᠨ ᠤ ᠵᠣᠭᠰᠣᠯᠲᠠ ᠶᠢ ᠢᠮᠠᠭᠲᠠ ᠪᠠᠲᠤᠳᠬᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠪᠣᠳᠠᠲᠠᠢ ᠳᠤ ᠨᠠᠶᠢᠳᠠᠪᠤᠷᠢᠵᠢᠭᠤᠯᠵᠠᠢ︔ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢ ᠢᠮᠠᠭᠲᠠ ᠴᠢᠬᠤᠯᠠᠴᠢᠯᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢ ᠨᠠᠨᠳᠢᠩᠨᠠᠨ ᠰᠠᠶᠢᠲᠤᠷ ᠬᠡᠷᠡᠭᠯᠡᠵᠦ᠂ ᠡᠬᠢ ᠪᠠᠶᠠᠯᠢᠭ ᠤᠨ ᠬᠦᠴᠦᠨ ᠢ ᠬᠤᠷᠠᠮᠳᠤᠭᠤᠯᠤᠨ ᠰᠠᠶᠢᠲᠤᠷ ᠬᠡᠷᠡᠭᠯᠡᠵᠦ᠂ ᠬᠦᠴᠦᠷᠬᠡᠭ ᠶᠡᠭᠡ ᠬᠠᠮᠲᠤᠷᠠᠯ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠶᠡᠭᠡ ᠶᠠᠪᠤᠳᠠᠯ ᠬᠦᠴᠢᠷ ᠶᠠᠪᠤᠳᠠᠯ ᠢ ᠪᠦᠲᠦᠭᠡᠬᠦ ᠶᠢ ᠠᠬᠢᠭᠤᠯᠪᠠ︔ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠷᠭ᠎ᠠ ᠪᠤᠳᠤᠯᠭ᠎ᠠ ᠶᠢ ᠢᠮᠠᠭᠲᠠ ᠪᠠᠷᠢᠮᠲᠠᠯᠠᠵᠤ᠂ ᠬᠠᠳᠬᠤᠮᠠᠯ ᠬᠠᠳᠬᠤᠬᠤ ᠡᠷᠳᠡᠮ ᠢ ᠭᠦᠢᠴᠡᠳ ᠪᠠᠲᠠᠷᠠᠭᠤᠯᠵᠦ᠂ ᠤᠨᠢᠨ ᠲᠡᠭᠡᠷ᠎ᠡ ᠨᠢ ᠬᠢᠬᠦ ᠶᠢ ᠰᠠᠶᠢᠳᠤᠷ ᠬᠦᠢᠴᠡᠳᠬᠡᠵᠤ᠂ ᠬᠥᠭᠵᠢᠯᠲᠡ ᠶᠢᠨ ᠠᠷᠭ᠎ᠠ ᠪᠠᠷ ᠶᠠᠳᠠᠭᠤ ᠬᠦᠴᠢᠷᠳᠡᠯ ᠤᠨ ᠤᠭ ᠦᠨᠳᠦᠰᠦ ᠶᠢ ᠠᠷᠢᠯᠭᠠᠵᠠᠢ︔ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠨᠠᠷᠢᠨ ᠬᠢᠨᠠᠮᠠᠭᠠᠢ ᠶᠢ ᠡᠷᠬᠢᠮᠯᠡᠨ ᠬᠦᠴᠢᠷ ᠠᠰᠠᠭᠤᠲᠠᠯ ᠢ ᠰᠢᠢᠳᠪᠦᠷᠢᠯᠡᠬᠦ ᠰᠤᠷᠲᠠᠯ ᠢ ᠢᠮᠠᠭᠲᠠ ᠪᠠᠳᠠᠷᠠᠭᠤᠯᠵᠤ᠂ ᠦᠨᠡᠨ ᠪᠣᠳᠠᠲᠠᠶ ᠶᠢᠨ ᠤᠳᠤᠷᠢᠳᠤᠮᠵᠢ ᠶᠢ ᠳᠣᠪᠤᠶᠢᠯᠭᠠᠨ᠂ ᠴᠢᠩᠭ᠎ᠠ ᠶᠣᠰᠣ ᠳᠦᠷᠢᠮ ᠢ ᠪᠠᠷᠢᠮᠲᠠᠯᠠᠵᠤ᠂ ᠵᠢᠩᠬᠢᠨᠢ ᠶᠠᠳᠠᠭᠤ ᠶᠢ ᠲᠡᠳᠬᠦᠬᠦ᠂ ᠶᠠᠳᠠᠭᠤ ᠶᠢ ᠦᠨᠡᠨ ᠬᠦ ᠲᠡᠳᠬᠦᠬᠦ᠂ ᠵᠢᠩᠬᠢᠨᠢ ᠶᠠᠲᠠᠭᠤ ᠶᠢ ᠶᠠᠳᠠᠭᠤ ᠠᠴᠠ ᠠᠩᠭᠢᠵᠢᠷᠠᠭᠤᠯᠬᠤ ᠶᠢ ᠲᠤᠭᠤᠰᠢᠲᠠᠢ ᠪᠠᠷᠢᠮᠲᠠᠯᠠᠵᠠᠢ᠃ ᠶᠠᠳᠠᠭᠤ ᠠᠴᠠ ᠠᠩᠭᠢᠵᠢᠷᠠᠭᠰᠠᠨ ᠨᠢ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠳᠡ ᠮᠥᠨ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠠᠮᠵᠢᠯᠳᠠ ᠪᠦᠳᠦᠮᠵᠢ ᠪᠠᠨ ᠴᠦᠬᠦᠷᠡᠰᠢ ᠦᠭᠡᠢ ᠪᠠᠳᠤᠳᠬᠠᠨ ᠦᠷᠭᠡᠳᠭᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠪᠦ᠋ ᠰᠢᠶᠤᠤ ᠯᠢᠨ ᠬᠤᠷᠠᠯ ᠢ ᠡᠷᠭᠢᠯᠡᠬᠦ ᠳᠡᠭᠡᠨ᠂ ᠪᠢᠳᠡ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠡᠷᠦᠩᠬᠡᠶ ᠱᠦᠵᠢ     ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠠᠯᠪᠢᠭᠰᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠲᠡᠮᠡᠴᠡᠬᠦ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠡᠭᠦᠷᠢᠳᠡ ᠴᠠᠯᠠᠭᠠᠶᠢᠷᠠᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃
        W020210622554420967449.jpg
        W020210622554420979109.jpg
                   ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠳᠤ ᠪᠠᠶᠢᠭ᠎ᠠ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠷᠢᠭᠦᠨ ᠤ ᠬᠤᠪᠢ ᠬᠥᠮᠦᠨ᠂ ᠲᠡᠷᠢᠭᠦᠨ ᠤ ᠬᠠᠮᠲᠤ ᠨᠢᠬᠡᠴᠢ ᠶᠢᠨ ᠲᠥᠯᠥᠭᠡᠯᠡᠭᠴᠢ᠂ ᠡᠯ᠎ᠡ ᠠᠶᠢᠮᠠᠭ ᠬᠤᠲᠠ ᠶᠢᠨ ᠬᠥᠬᠢᠭᠦᠯᠦᠨ ᠰᠠᠶᠢᠰᠢᠶᠠᠭᠳᠠᠭᠰᠠᠨ ᠬᠡᠰᠡᠭ ᠲᠥᠯᠥᠭᠡᠯᠡᠭᠴᠢ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ ᠤ ᠪᠡᠭᠡᠵᠢᠩ ᠬᠤᠲᠠ ᠶᠢᠨ ᠲᠤᠰᠢᠶᠠᠯ ᠡᠭᠦᠷᠭᠡᠯᠡᠭᠰᠡᠨ ᠺᠠᠳ᠋ᠷ᠂ ᠲᠥᠪ ᠤᠨ ᠴᠡᠭ ᠲᠣᠭᠲᠠᠭᠠᠭᠰᠠᠨ ᠨᠢᠭᠡᠴᠢ ᠶᠢᠨ ᠬᠠᠪᠰᠤᠷᠤᠨ ᠲᠡᠳᠬᠦᠬᠦ ᠺᠠᠳ᠋ᠷ ᠤᠨ ᠬᠥᠬᠢᠭᠦᠯᠦᠨ ᠰᠠᠶᠢᠰᠢᠶᠠᠭᠳᠠᠭᠰᠠᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠲᠢᠩᠬᠢᠮ ᠤᠨ ᠲᠠᠰ ᠠᠴᠠ ᠳᠡᠭᠡᠭᠰᠢᠬᠢ ᠺᠠᠳ᠋ᠷ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ 
        ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ