内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠤᠸᠠᠩ ᡁᠢ ᠴᠢᠶᠠᠩ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠤᠨᠴᠠᠯᠢᠭᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠨᠳᠦᠷ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
        ᠨᠡᠶᠢᠲᠡᠯᠡᠭᠰᠡᠨ ᠴᠠᠭ᠄
        2021/6/23
              6 ᠳ᠋ᠤᠭᠠᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠯᠠᠱᠠ ᠠᠶᠢᠮᠠᠭ ᠲᠤ ᠭᠦᠨᠵᠡᠭᠡᠶᠢᠷᠡᠨ ᠬᠢᠯᠢ ᠶᠢᠨ ᠪᠣᠭᠤᠮᠲᠠ᠂ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠣᠷᠣᠨ ᠨᠤᠲᠤᠭ ᠤᠨ ᠲᠦᠭᠰᠢᠭᠦᠷᠢ ᠶᠡᠬᠡᠲᠡᠶ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠪᠠ᠃      ᠬᠤᠸᠠᠩ ᡁᠢ ᠴᠢᠶᠠᠩ᠂ ᠠᠯᠠᠱᠠ ᠠᠶᠢᠮᠠᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠡᠭᠡ ᠬᠢᠯᠢ ᠶᠢᠨ ᠪᠣᠭᠤᠮᠲᠠ ᠶᠢᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠤᠰᠬᠠᠶᠢᠵᠢᠭᠰᠠᠨ ᠪᠣᠭᠤᠮᠲᠠ ᠶᠢ ᠬᠦᠴᠦᠯᠡᠨ ᠪᠠᠶᠢᠭᠤᠯᠬᠤ ᠬᠡᠷᠡᠭᠲᠡᠢ᠃ ᠲᠡᠮᠡᠭᠡ ᠲᠡᠵᠢᠭᠡᠨ ᠦᠷᠡᠵᠢᠭᠦᠯᠬᠦ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠠᠮᠢ ᠠᠬᠤᠶ ᠶᠢᠨ ᠳᠠᠭᠠᠭᠠᠴᠠ ᠶᠢ ᠭᠦᠢᠴᠡᠳ ᠪᠣᠳᠣᠯᠬᠢᠯᠠᠭᠰᠠᠨ ᠤᠷᠢᠲᠠᠯ ᠳᠣᠤᠷ᠎ᠠ᠂ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠳᠬᠠᠨ᠂ ᠰᠤᠳᠤᠯᠤᠨ ᠨᠡᠭᠡᠭᠡᠬᠦ ᠪᠠ ᠣᠷᠣᠭᠤᠯᠤᠯᠲᠠ ᠬᠢᠬᠦ ᠲᠣᠭᠲᠠᠴᠠ ᠳᠤ ᠰᠢᠨ᠎ᠡ ᠶᠢ ᠡᠭᠦᠳᠴᠦ᠂ ᠲᠡᠮᠡᠭᠡᠨ ᠰᠦᠷᠦᠭ ᠤᠨ ᠶᠠᠰᠤ ᠴᠢᠨᠠᠷ ᠬᠢᠭᠡᠳ ᠲᠡᠮᠡᠭᠡᠨ ᠰᠦ ᠶᠢᠨ ᠶᠠᠰᠤ ᠴᠢᠨᠠᠷ ᠢ ᠡᠬᠢ ᠢᠷᠡᠯᠲᠡ ᠠᠴᠠ ᠨᠢ ᠳᠡᠭᠡᠭᠰᠢᠯᠡᠭᠦᠯᠵᠦ᠂ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠣᠬᠢᠷᠲᠤᠯ ᠦᠭᠡᠢ ᠬᠥᠭᠵᠢᠯᠲᠡ ᠶᠢᠨ ᠣᠨᠤᠯᠵᠢᠬᠤᠨ ᠢ ᠦᠢᠯᠡᠳᠦᠯᠭᠡᠵᠢᠭᠦᠯᠵᠦ᠂ ᠡᠯᠡᠰᠦᠨ ᠴᠦᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠰᠢᠯᠢᠳᠡᠭ ᠰᠠᠶᠢᠨ ᠲᠦᠷᠦ ᠶᠢᠨ ᠪᠤᠳᠤᠯᠭ᠎ᠠ ᠶᠢᠨ ᠨᠥᠬᠦᠴᠡᠯ ᠢ ᠲᠣᠭᠲᠠᠭᠠᠵᠤ᠂ ᠪᠦᠬᠦ ᠤᠯᠤᠰ ᠤᠨ ᠡᠯᠡᠰᠦᠨ ᠤ ᠠᠵᠤ ᠦᠢᠯᠡᠰ ᠤᠨ ᠣᠷᠦ᠋ᠢᠯᠠᠭᠰᠠᠨ ᠴᠢᠳᠠᠪᠤᠷᠢᠲᠠᠨ ᠢ ᠣᠷᠤᠭᠤᠯᠤᠨ ᠠᠪᠴᠢᠷᠠᠵᠤ᠂ ᠪᠦᠯᠬᠦᠮ ᠨᠡᠶᠢᠲᠡ ᠪᠠᠷ ᠢᠶᠠᠨ ᠠᠯᠠᠱᠠ ᠳᠤ ᠴᠤᠭᠯᠠᠷᠠᠨ ᠲᠦᠪᠯᠡᠷᠡᠵᠦ᠂ ᠴᠤᠭᠯᠠᠷᠠᠯ ᠤᠨ ᠨᠦᠯᠦᠭᠡ ᠦᠢᠯᠡᠳᠦᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠬᠠᠮᠤᠭ ᠤᠨ ᠭᠤᠶᠤ ᠡᠯᠡᠰᠦᠨ ᠴᠦᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠸᠠᠩ ᡁᠢ ᠴᠢᠶᠠᠩ ᠴᠢᠬᠤᠯᠠᠴᠢᠯᠠᠬᠤ ᠳᠤ ᠪᠠᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠴᠢᠬᠤᠯᠠᠴᠢᠯᠠᠨ᠂ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠶ ᠭᠡᠵᠡᠢ᠃
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ