内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠣᠥ ᠭᠠᠩ ᠪᠤᠭᠤᠲᠤ ᠬᠤᠳᠠ ᠳᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠣᠳᠤᠯᠬᠤ ᠳᠤ ᠪᠠᠨ ᠴᠢᠬᠤᠯᠠᠴᠢᠯᠠᠭᠰᠠᠨ ᠨᠢ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠡᠷᠡᠰ ᠰᠢᠭᠤᠷᠬᠠᠢ ᠪᠠᠷ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ ᠥᠭᠡᠷᠡᠴᠢᠯᠡᠵᠦ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠲᠤᠰᠬᠠᠶ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ
        ᠨᠡᠶᠢᠲᠡᠯᠡᠭᠰᠡᠨ ᠴᠠᠭ᠄
        2021/6/23
              6 ᠳ᠋ᠤᠭᠠᠷ ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠥ ᠭᠠᠩ ᠤᠷᠢᠳ ᠬᠤᠵᠢᠳ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠵᠥᠩ ᠬᠤᠤ ᠰᠢᠲᠠᠮᠠᠬᠠᠶ ᠬᠡᠶ ᠶᠢᠨ ᠺᠣᠮᠫᠠᠨᠢ᠂ ᠬᠤᠢ ᠮᠢᠨ ᠵᠢᠵᠢᠭ ᠲᠣᠭᠤᠷᠢᠭ᠂ ᠶᠢᠨ ᠷᠦᠩ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠲᠡᠷᠭᠡᠨ ᠵᠣᠭᠰᠣᠭᠠᠯ᠂ ᠪᠠᠶᠠᠬᠤᠪᠤᠭ᠎ᠠ ᠠᠭᠤᠷᠬᠠᠶ ᠶᠢᠨ ᠲᠣᠭᠤᠷᠢᠭ᠂ ᠳᠠᠷᠬᠠᠨ ᠮᠤᠤᠮᠢᠩᠭᠠᠨ ᠬᠤᠰᠢᠭᠤ ᠵᠡᠷᠭᠡ ᠭᠠᠵᠠᠷ ᠲᠤ ᠬᠦᠷᠴᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃       ᠪᠣᠥ ᠭᠠᠩ ᠵᠢᠭᠠᠭᠰᠠᠨ ᠨᠢ᠂ ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ ᠲᠡᠷᠡ ᠪᠠᠰᠠ᠂ ᠬᠤᠪᠸᠢ ᠶᠢᠨ ᠱᠢ ᠶᠠᠨ ᠤ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠥᠢᠴᠢᠯᠡᠨ ᠨᠦᠬᠦᠭᠡ ᠶᠢ ᠮᠡᠳᠡᠵᠦ᠂ ᠰᠢᠲᠠᠮᠠᠬᠠᠢ ᠬᠡᠢ ᠶᠢᠨ ᠦᠢᠯᠡᠳᠪᠦᠷᠢᠯᠡᠯ᠂ ᠬᠠᠳᠠᠭᠠᠯᠠᠯᠲᠠ᠂ ᠵᠥᠭᠡᠭᠡᠪᠦᠷᠢᠯᠡᠯᠲᠡ᠂ ᠬᠡᠷᠡᠭᠯᠡᠯᠲᠡ ᠶᠢᠨ ᠡᠯ᠎ᠡ ᠭᠤᠭᠴᠤᠭ᠎ᠠ ᠶᠢ ᠵᠢᠭᠰᠠᠭᠠᠨ ᠪᠠᠶᠢᠴᠠᠭᠠᠵᠦ᠂ ᠠᠰᠠᠭᠤᠳᠠᠯ ᠤᠨ ᠭᠡᠮ ᠰᠣᠭᠤᠭ ᠢ ᠢᠯᠡᠷᠡᠭᠦᠯᠦᠭᠰᠡᠨ ᠳᠠᠷᠤᠢ ᠳᠤ ᠨᠢ ᠴᠡᠭᠴᠡᠯᠡᠨ ᠰᠠᠶᠢᠵᠢᠷᠠᠭᠤᠯᠵᠤ᠂ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠰᠢᠲᠠᠮᠠᠬᠠᠶ ᠬᠡᠶ ᠶᠢᠨ ᠠᠵᠤ ᠠᠬᠤᠶᠢᠯᠠᠯ ᠤᠳ ᠮᠡᠷᠭᠡᠵᠢᠯ ᠪᠠ ᠰᠡᠷᠭᠡᠶᠢᠯᠡᠯᠲᠡ ᠶᠢᠨ ᠠᠷᠭ᠎ᠠ ᠪᠠᠷᠢᠯ ᠢᠶᠠᠨ ᠴᠢᠩᠭᠠᠷᠠᠭᠤᠯᠵᠤ᠂ ᠠᠯᠤᠰ ᠠᠴᠠ ᠬᠢᠨᠠᠨ ᠡᠵᠡᠮᠳᠡᠬᠦ᠂ ᠠᠦ᠋ᠲ᠋ᠣ᠋ ᠲᠦᠭᠰᠢᠭᠦᠷᠢ ᠮᠡᠳᠡᠭᠦᠯᠬᠦ ᠵᠡᠷᠭᠡ ᠲᠡᠷᠢᠭᠦᠨ ᠤ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠂ ᠲᠤᠬᠠᠶ ᠶᠢᠨ ᠴᠠᠭ ᠲᠤ ᠨᠢ ᠠᠦ᠋ᠲ᠋ᠣ᠋ ᠪᠠᠶᠢᠴᠠᠭᠠᠨ ᠬᠡᠮᠵᠢᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠲᠥᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃       ᠪᠣᠥ ᠭᠠᠩ ᠴᠢᠬᠤᠯᠠᠴᠢᠯᠠᠭᠰᠠᠨ ᠨᠢ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠲᠤᠰᠬᠠᠢ ᠴᠡᠭᠴᠡᠯᠡᠯᠲᠡ ᠶᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠷᠪᠠᠨ ᠭᠤᠭᠴᠤᠭ᠎ᠠ᠂ ᠭᠤᠷᠪᠠᠨ ᠱᠠᠲᠤᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠠᠵᠢᠯ ᠤᠨ ᠠᠬᠢᠴᠠ ᠶᠢ ᠴᠢᠩᠭ᠎ᠠ ᠠᠳᠬᠤᠵᠤ᠂ ᠲᠣᠭᠲᠠᠭᠠᠯ ᠠᠴᠠ ᠵᠥᠷᠢᠴᠡᠨ ᠪᠦᠳᠦᠭᠡᠨ ᠪᠠᠶᠢᠭᠤᠯᠬᠤ᠂ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠬᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠵᠢᠴᠢ ᠬᠢᠨᠠᠯᠲᠠ ᠬᠠᠮᠢᠶᠠᠷᠤᠯᠲᠠ ᠰᠤᠯᠠ ᠪᠠᠶᠢᠬᠤ ᠵᠡᠷᠭᠡ ᠳᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ