内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠯᠢᠨ ᠱᠤᠤ ᠴᠦᠨ ᠬᠥᠬᠡᠬᠤᠲᠠ ᠳᠤ ᠬᠦᠷᠴᠦ ᠨᠠᠮ ᠤᠨ ᠭᠡᠰᠢᠭᠦᠨ ᠢ ᠲᠣᠬᠤᠨᠢᠭᠤᠯᠬᠤ ᠳᠤ ᠪᠠᠨ ᠠᠬᠠᠮᠠᠳ ᠨᠠᠮ ᠤᠨ ᠭᠡᠰᠢᠭᠦᠨ᠂ ᠰᠢᠯᠢᠳᠡᠭ ᠨᠠᠮ ᠤᠨ ᠭᠡᠰᠢᠭᠦᠨ ᠠᠴᠠ ᠰᠤᠷᠤᠯᠴᠠᠨ ᠲᠡᠳᠡᠨ ᠢ ᠬᠦᠨᠳᠦᠳᠬᠡᠨ ᠬᠠᠯᠠᠮᠵᠢᠯᠠᠵᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠣᠶᠤᠨ ᠤ ᠴᠠᠳᠢᠭ ᠢ ᠤᠯᠠᠮᠵᠢᠯᠠᠨ ᠪᠠᠳᠠᠷᠠᠭᠤᠯᠤᠶ᠎ᠠ ᠭᠡᠵᠦ ᠴᠢᠬᠤᠯᠠᠴᠢᠯᠠᠪᠠ
        ᠨᠡᠶᠢᠲᠡᠯᠡᠭᠰᠡᠨ ᠴᠠᠭ᠄
        2021/6/23
              ︽7 · 1︾ ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠤᠤ ᠴᠦᠨ ᠬᠥᠬᠡᠬᠤᠲᠠ ᠳᠤ ᠬᠦᠷᠴᠦ ᠠᠬᠠᠮᠠᠳ ᠨᠠᠮ ᠤᠨ ᠭᠡᠰᠢᠭᠦᠨ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠳᠣᠲᠣᠨᠣ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠡᠢ᠃      ᠨᠥᠬᠦᠷ ᠴᠠᠩ ᠰᠦᠸᠧ ᠪᠣᠯ ᠨᠠᠮ ᠳᠤ ᠣᠷᠣᠭᠠᠳ 71 ᠵᠢᠯ ᠪᠣᠯᠵᠤ ᠪᠠᠶᠢᠭ᠎ᠠ 91 ᠨᠠᠰᠤᠲᠠᠢ ᠠᠬᠠᠮᠠᠳ ᠨᠠᠮ ᠤᠨ ᠭᠡᠰᠢᠭᠦᠨ ᠪᠣᠯᠤᠨ᠎ᠠ᠃ ᠰᠧ ᠫᠢᠩ ᠢ ᠬᠠᠮᠠᠭᠠᠯᠠᠬᠤ ᠳᠠᠶᠢᠯᠠᠯᠳᠤᠭᠠᠨ ᠪᠠ ᠯᠢᠶᠣᠤ ᠱᠧᠨ ᠤ ᠳᠠᠶᠢᠯᠠᠯᠳᠤᠭᠠᠨ ᠳᠤ ᠣᠷᠣᠯᠴᠠᠵᠤ ᠥᠩᠭᠡᠷᠡᠵᠡᠢ᠃ ᠯᠢᠨ ᠱᠤᠤ ᠴᠦᠨ ᠲᠡᠭᠦᠨ ᠳᠤ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠭᠡᠬᠦ ᠳᠤᠷᠠᠰᠬᠠᠯ ᠤᠨ ᠲᠡᠮᠳᠡᠭ ᠢ ᠭᠠᠷᠳᠠᠭᠤᠯᠵᠤ᠂ ᠨᠠᠰᠤᠲᠠᠨ ᠲᠠᠢ ᠵᠣᠭᠤᠭ ᠳᠡᠯᠭᠡᠵᠦ᠂ ᠠᠮᠢᠳᠤᠷᠠᠯ᠂ ᠪᠡᠶ᠎ᠡ ᠮᠠᠬᠠᠪᠣᠳ ᠵᠡᠷᠭᠡ ᠪᠠᠶᠢᠳᠠᠯ ᠢ ᠨᠢ ᠨᠠᠷᠢᠨ ᠠᠰᠠᠭᠤᠪᠠ᠃ ᠨᠠᠰᠤᠲᠠᠨ ᠤ ᠪᠠᠶᠢᠯᠳᠤᠭᠠᠨ᠂ ᠠᠵᠢᠯ ᠤᠨ ᠥᠩᠭᠡᠷᠡᠯᠲᠡ ᠶᠢ ᠣᠶᠢᠯᠠᠭᠠᠭᠰᠠᠨ ᠤ ᠲᠠᠷᠠᠭ᠎ᠠ᠂ ᠯᠢᠨ ᠱᠤᠤ ᠴᠦᠨ᠂ ᠮᠠᠨ ᠤ ᠨᠠᠮ ᠤᠳᠠᠯ ᠦᠭᠡᠢ 100 ᠵᠢᠯ ᠤᠨ ᠤᠢ ᠪᠠᠨ ᠤᠭᠲᠤᠬᠤ ᠭᠡᠵᠦ ᠪᠠᠶᠢᠨ᠎ᠠ᠂ ᠪᠦᠭᠦᠳᠡ ᠨᠠᠶᠢᠷᠠᠮᠳᠠᠬᠤ ᠤᠯᠤᠰ ᠤᠨ ᠲᠦᠷᠦ ᠭᠦᠷᠦᠨ ᠢ ᠠᠬᠠᠮᠠᠳ ᠨᠢᠭᠡ ᠦᠶ᠎ᠡ ᠶᠢᠨ ᠬᠢᠨ ᠴᠣᠭᠴᠠᠯᠠᠨ ᠪᠠᠶᠢᠭᠤᠯᠤᠭᠰᠠᠨ ᠶᠤᠮ᠂ ᠠᠬᠠᠮᠠᠳ ᠨᠢᠭᠡ ᠦᠶ᠎ᠡ ᠶᠢᠨ ᠬᠢᠨ ᠤ ᠴᠢᠷᠮᠠᠶᠢᠯᠭ᠎ᠠ ᠪᠠᠶᠢᠬᠤ ᠦᠭᠡᠢ ᠪᠣᠯ ᠤᠳᠤ ᠶᠢᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ᠃ ᠠᠬᠠᠮᠠᠳ ᠨᠠᠮ ᠤᠨ ᠭᠡᠰᠢᠭᠦᠳ ᠤᠨ ᠨᠠᠮ ᠲᠥᠷᠥ ᠶᠢᠨ ᠦᠢᠯᠡᠰ ᠤᠨ ᠲᠥᠯᠥᠭᠡ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠨᠠᠰᠤᠲᠠᠨ ᠤ ᠡᠷᠡᠭᠦᠯ ᠲᠡᠩᠬᠡᠯᠡᠭᠦᠨ ᠤᠷᠳᠤ ᠨᠠᠰᠤᠯᠠᠬᠤ ᠶᠢ ᠵᠥᠩᠨᠡᠵᠦ ᠪᠠᠶᠢᠨ᠎ᠠ ᠭᠡᠵᠦ ᠰᠡᠳᠬᠢᠯ ᠳᠣᠭᠳᠣᠯᠤᠨ ᠬᠡᠯᠡᠬᠦ ᠳᠤ ᠪᠠᠨ᠂ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ ᠪᠠᠶᠢᠭ᠎ᠠ ᠨᠢ ᠪᠠᠰᠠ ᠨᠢᠭᠡ ᠤᠳᠠᠭ᠎ᠠ ᠶᠢᠨ ᠠᠮᠢᠳᠤᠯᠢᠭ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠣᠯᠤᠨ᠎ᠠ᠃ ᠮᠠᠨ ᠤ ᠨᠠᠮ ᠬᠠᠯᠠ ᠵᠣᠪᠠᠯᠠᠩ ᠢ ᠬᠠᠨᠲᠠᠯ᠎ᠠ ᠠᠮᠰᠠᠭᠰᠠᠨ ᠴᠤ ᠥᠨᠢᠳᠡ ᠤᠨᠲᠠᠷᠠᠰᠢ ᠦᠭᠡᠢ ᠪᠠᠶᠢᠳᠠᠭ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠤ ᠴᠠᠳᠢᠭ ᠢᠶᠠᠨ ᠢᠮᠠᠭᠲᠠ ᠤᠯᠠᠮᠵᠢᠯᠠᠵᠤ᠂ ᠠᠬᠠᠮᠠᠳ ᠨᠢᠭᠡ ᠦᠶ᠎ᠡ ᠶᠢᠨ ᠬᠢᠨ ᠤ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠵᠣᠪᠠᠭᠤᠷᠢ ᠵᠦᠳᠡᠭᠦᠷᠢ ᠶᠢ ᠳᠠᠭᠠᠭᠠᠬᠤ᠂ ᠠᠮᠢ ᠪᠠᠨ ᠦᠷᠡᠭᠳᠡᠭᠦᠯᠵᠦ ᠵᠢᠷᠤᠮ ᠢ ᠭᠦᠢᠴᠡᠳᠬᠡᠬᠦ᠂ ᠡᠷᠡᠯᠬᠡᠭᠯᠡᠨ ᠲᠡᠮᠡᠴᠡᠵᠦ ᠤᠷᠤᠭᠰᠢᠯᠠᠨ ᠳᠠᠪᠰᠢᠬᠤ ᠰᠢᠯᠢᠳᠡᠭ ᠤᠶᠤᠨ ᠰᠠᠨᠠᠭᠠᠨ ᠤ ᠬᠡᠪ ᠴᠢᠨᠠᠷ ᠢ ᠪᠠᠳᠠᠷᠠᠭᠤᠯᠵᠤ᠂ ᠡᠪ ᠬᠠᠮᠲᠤᠴᠤᠳ ᠤᠨ ᠤᠶᠤᠨ ᠰᠠᠨᠠᠭᠠᠨ ᠤ ᠰᠦᠭ ᠰᠦᠨᠡᠰᠦ ᠶᠢ ᠲᠠᠰᠤᠷᠠᠯᠲᠠ ᠦᠭᠡᠢ ᠴᠣᠭᠴᠠᠯᠠᠭᠰᠠᠨ ᠳᠤ ᠣᠷᠣᠰᠢᠨ᠎ᠠ᠃ ᠠᠬᠠᠮᠠᠳ ᠨᠠᠮ ᠤᠨ ᠭᠡᠰᠢᠭᠦᠨ ᠪᠣᠯ ᠮᠠᠨ ᠤ ᠨᠠᠮ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠲᠡᠳᠡᠨᠦᠰ ᠲᠤ ᠰᠠᠶᠢᠲᠤᠷ ᠦᠢᠯᠡᠴᠢᠯᠡᠵᠦ᠂ ᠲᠡᠳᠡᠨ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠴᠠᠭ ᠲᠤᠬᠠᠶ ᠳᠤ ᠨᠢ ᠰᠢᠢᠳᠪᠦᠷᠢᠯᠡᠨ ᠥᠭᠴᠦ᠂ ᠠᠬᠠᠮᠠᠳ ᠨᠠᠮ ᠤᠨ ᠭᠡᠰᠢᠭᠦᠨ ᠢ ᠬᠠᠷᠠᠭᠠᠯᠵᠠᠨ ᠥᠲᠡᠯᠦᠭᠡ ᠨᠠᠰᠤ ᠶᠢ ᠨᠢ ᠠᠮᠤᠷ ᠵᠢᠮᠦᠷ ᠥᠩᠭᠡᠷᠡᠭᠦᠯᠬᠦ ᠬᠡᠷᠡᠭᠲᠡᠶ ᠭᠡᠵᠡᠢ᠃      ᠨᠥᠬᠦᠷ ᠬᠤᠸᠠᠩ ᠫᠢᠩ ᠫᠢᠩ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠣᠯᠭᠤᠭᠰᠠᠨ ᠵᠠᠰᠠᠭ ᠤᠨ ᠣᠷᠳᠣᠨ ᠤ ᠣᠨᠴᠠ ᠨᠡᠮᠡᠯᠭᠡ ᠶᠢ ᠬᠦᠷᠳᠡᠵᠦ ᠪᠠᠶᠢᠭ᠎ᠠ ᠵᠠᠯᠠᠭᠤ ᠲᠤᠰᠬᠠᠢ ᠮᠡᠷᠭᠡᠵᠢᠯᠲᠡᠨ ᠮᠥᠨ᠃ ᠯᠢᠨ ᠱᠤᠤ ᠴᠦᠨ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠰᠢᠨ᠎ᠡ ᠶᠢ ᠡᠭᠦᠳᠦᠭᠰᠡᠨ ᠵᠢᠴᠢ ᠤᠯᠠᠷᠢᠭᠤᠯᠤᠨ ᠬᠡᠷᠡᠭᠯᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠢ ᠨᠢ ᠬᠠᠯᠠᠮᠵᠢᠯᠠᠨ ᠠᠰᠠᠭᠤᠪᠠ᠃ ᠯᠢᠨ ᠱᠤᠤ ᠴᠦᠨ ᠬᠡᠯᠡᠬᠦ ᠳᠤ ᠪᠠᠨ᠂ ᠨᠢᠭᠡ ᠤᠯᠤᠰ ᠦᠨᠳᠦᠰᠦᠲᠡᠨ ᠤ ᠰᠢᠨ᠎ᠡ ᠶᠢ ᠡᠭᠦᠳᠬᠦ ᠴᠢᠳᠠᠪᠤᠷᠢ ᠨᠢ ᠲᠡᠷᠡ ᠬᠦ ᠤᠯᠤᠰ ᠦᠨᠳᠦᠰᠦᠲᠡᠨ ᠤ ᠠᠯᠤᠰ ᠢᠷᠡᠭᠡᠳᠦᠢ ᠬᠤᠪᠢ ᠵᠠᠶᠠᠭ᠎ᠠ ᠶᠢ ᠦᠨᠳᠦᠰᠦᠨ ᠠᠴᠠ ᠨᠢ ᠨᠥᠯᠥᠭᠡᠯᠡᠵᠦ ᠴᠢᠨᠠᠭᠰᠢᠯᠠᠪᠠᠯ ᠲᠣᠭᠲᠠᠭᠠᠵᠤ ᠪᠠᠶᠢᠳᠠᠭ᠃ ᠰᠢᠨ᠎ᠡ ᠶᠢ ᠡᠭᠦᠳᠬᠦ ᠶᠢᠨ ᠵᠠᠩᠭᠢᠯᠠᠭ᠎ᠠ ᠨᠢ ᠴᠢᠳᠠᠪᠤᠷᠢᠲᠠᠨ ᠳᠤ ᠲᠦᠰᠢᠭᠯᠡᠨ᠎ᠡ᠂ ᠤᠯᠤᠰ ᠭᠡᠷ ᠢᠲᠡᠭᠡᠯ ᠬᠦᠰᠡᠯᠡᠩ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠱᠠᠭᠠᠷᠳᠠᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠪᠠ ᠬᠦᠴᠢᠷ ᠪᠡᠷᠬᠡᠰᠢᠶᠡᠯ ᠢ ᠵᠣᠷᠢᠭᠲᠠᠢ ᠲᠤᠭᠤᠯᠬᠤ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠬᠤᠯᠪᠣᠭᠳᠠᠯ ᠪᠦᠬᠦᠢ ᠬᠦᠷᠢᠶᠡᠨ ᠤ ᠠᠵᠤ ᠦᠢᠯᠡᠰᠴᠢᠯᠡᠯᠲᠡ ᠶᠢᠨ ᠬᠥᠭᠵᠢᠯᠲᠡ ᠶᠢ ᠠᠬᠢᠭᠤᠯᠵᠤ᠂ ᠥᠭᠦᠯᠡᠯ ᠢᠶᠠᠨ ᠡᠬᠡ ᠤᠯᠤᠰ ᠲᠤ ᠪᠠᠨ ᠪᠢᠴᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠶᠠᠨ ᠵᠠᠮ ᠳᠤ ᠪᠢᠴᠢᠬᠦ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠶᠡᠭᠡ ᠳᠡᠭᠡᠳᠦ ᠰᠤᠷᠭᠠᠭᠤᠯᠢ ᠨᠤᠭᠤᠳ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠡᠭᠦᠳᠴᠦ᠂ ᠲᠡᠳᠡᠨ ᠢ ᠰᠠᠨᠠᠭ᠎ᠠ ᠠᠮᠤᠷ ᠰᠤᠳᠤᠯᠭᠠᠨ ᠤ ᠠᠵᠢᠯ ᠢ ᠬᠢᠬᠦ ᠶᠢ ᠪᠠᠲᠤᠯᠠᠬᠤ ᠭᠡᠵᠡᠢ᠃ 
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ