内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/6/23
              6 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠬᠤᠯᠪᠣᠭᠳᠠᠯ ᠪᠥᠬᠦᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ᠂ ᠪᠥᠬᠦ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠥᠪᠡᠷᠲᠡᠭᠡᠨ ᠵᠠᠰᠠᠬᠤ ᠣᠷᠣᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠣᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠥᠪᠡᠷᠲᠡᠭᠡᠨ ᠵᠠᠰᠠᠬᠤ ᠣᠷᠣᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠢ ᠡᠷᠭᠢᠯᠡᠪᠡ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠥᠷᠥ ᠶᠢᠨ ᠲᠠᠯ᠎ᠠ ᠠᠴᠠ ᠦᠨᠡᠨ ᠬᠦ ᠲᠠᠨᠢᠨ ᠡᠵᠡᠮᠳᠡᠵᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽1+8+N︾ ᠰᠡᠷᠭᠡᠶᠢᠯᠡᠨ ᠡᠵᠡᠮᠳᠡᠬᠦ ᠲᠥᠰᠦᠯ ᠤᠨ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠨᠢᠮᠪᠠᠶ ᠪᠦᠭᠡᠳ ᠬᠦᠴᠦᠨ ᠲᠡᠭᠦᠯᠳᠡᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ᠃ ᠬᠠᠷᠠᠯᠲᠠ ᠡᠭᠦᠷᠭᠡ ᠶᠢ ᠴᠢᠩᠭ᠎ᠠ ᠣᠨᠢᠯᠠᠵᠤ᠂ ᠵᠣᠬᠢᠶᠠᠨ ᠪᠠᠶᠢᠭᠤᠯᠤᠯᠲᠠ ᠶᠢᠨ ᠳᠠᠶᠢᠴᠢᠯᠠᠯᠲᠠ ᠪᠠᠨ ᠴᠢᠩᠭᠠᠳᠬᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠲᠣᠭᠲᠠᠭᠰᠠᠨ ᠬᠤᠭᠤᠴᠠᠭᠠᠨ ᠳᠤ ᠡᠷᠡᠰ ᠪᠡᠶᠡᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠡᠮᠨᠡᠯᠭᠡ ᠶᠢᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠪᠠ ᠬᠥᠭᠵᠢᠯᠲᠡ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ