内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠮᠠᠨ ᠤ ᠣᠷᠣᠨ ᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠤᠭ ᠤᠨ ᠳᠣᠤᠷ᠎ᠠ ᠬᠢᠵᠠᠭᠠᠷᠯᠠᠬᠤ ᠬᠤᠪᠢ ᠨᠡᠶᠢᠲᠡᠯᠡᠭᠳᠡᠪᠡ
        ᠨᠡᠶᠢᠲᠡᠯᠡᠭᠰᠡᠨ ᠴᠠᠭ᠄
        2021/6/24
              6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2021 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠤᠭ ᠤᠨ ᠳᠣᠤᠷ᠎ᠠ ᠬᠢᠵᠠᠭᠠᠷᠯᠠᠬᠤ ᠬᠤᠪᠢ  ᠨᠡᠶᠢᠲᠡᠯᠡᠭᠳᠡᠪᠡ᠃       ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 488 ᠬᠤᠪᠢ ᠪᠠᠶᠢᠵᠤ᠂ ᠨᠢᠳᠤᠨᠤᠨ ᠤ 520 ᠬᠤᠪᠢ ᠠᠴᠠ 32 ᠬᠤᠪᠢ ᠪᠠᠭᠤᠷᠠᠪᠠ︔ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 392 ᠬᠤᠪᠢ ᠪᠠᠶᠢᠵᠤ᠂ ᠨᠢᠳᠤᠨᠤᠨ ᠤ 437 ᠬᠤᠪᠢ ᠠᠴᠠ 45 ᠬᠤᠪᠢ ᠪᠠᠭᠤᠷᠠᠪᠠ᠃ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 418 ᠬᠤᠪᠢ ᠪᠠᠶᠢᠵᠤ᠂ ᠨᠢᠳᠤᠨᠤᠨ ᠤ 452 ᠬᠤᠪᠢ ᠠᠴᠠ 34 ᠬᠤᠪᠢ ᠪᠠᠭᠤᠷᠠᠪᠠ︔ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 301 ᠬᠤᠪᠢ ᠪᠠᠶᠢᠵᠤ᠂ ᠨᠢᠳᠤᠨᠤᠨ ᠤ 333 ᠬᠤᠪᠢ ᠠᠴᠠ 32 ᠬᠤᠪᠢ ᠪᠠᠭᠤᠷᠠᠪᠠ᠃ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 407 ᠬᠤᠪᠢ ᠪᠠᠶᠢᠵᠤ᠂ ᠨᠢᠳᠤᠨᠤᠨ ᠤ 423 ᠬᠤᠪᠢ ᠠᠴᠠ 16 ᠬᠤᠪᠢ ᠪᠠᠭᠤᠷᠠᠪᠠ︔ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 346 ᠬᠤᠪᠢ ᠪᠠᠶᠢᠵᠤ᠂ ᠨᠢᠳᠤᠨᠤᠨ ᠤ 344 ᠬᠤᠪᠢ ᠠᠴᠠ 2 ᠬᠤᠪᠢ ᠳᠡᠭᠡᠭᠰᠢᠯᠡᠪᠡ᠃ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 349 ᠬᠤᠪᠢ ᠪᠠᠶᠢᠵᠤ᠂ ᠨᠢᠳᠤᠨᠤᠨ ᠤ 347 ᠬᠤᠪᠢ ᠠᠴᠠ 2 ᠬᠤᠪᠢ ᠳᠡᠭᠡᠭᠰᠢᠯᠡᠪᠡ︔ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ 293 ᠬᠤᠪᠢ ᠪᠠᠶᠢᠵᠤ᠂ ᠨᠢᠳᠤᠨᠤᠨ ᠤ 270 ᠬᠤᠪᠢ ᠠᠴᠠ 23 ᠬᠤᠪᠢ ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ ᠴᠥᠮ 160 ᠬᠤᠪᠢ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠦᠯᠦᠭ ᠤᠨ ᠡᠯᠰᠡᠬᠦ ᠪᠠᠷᠢᠮᠵᠢᠶ᠎ᠠ ᠬᠤᠪᠢ ᠨᠢ ᠴᠥᠮ 120 ᠬᠤᠪᠢ ᠪᠠᠶᠢᠵᠤ᠂ ᠴᠥᠮ ᠨᠢᠳᠤᠨᠤᠨ ᠤ ᠡᠯᠰᠡᠬᠦ ᠪᠠᠷᠢᠮᠵᠢᠶ᠎ᠠ ᠬᠤᠪᠢ ᠲᠠᠢ ᠲᠡᠩᠴᠡᠪᠡ᠃       ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠰᠠ 2021 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠡᠯ᠎ᠡ ᠬᠤᠪᠢ ᠶᠢᠨ ᠬᠡᠰᠡᠭ ᠤᠨ ᠬᠥᠮᠦᠨ ᠤ ᠲᠤᠭ᠎ᠠ ᠶᠢᠨ ᠪᠦᠷᠢᠳᠬᠡᠯ ᠤᠨ ᠬᠦᠰᠦᠨᠦᠭᠲᠦ ︵ᠬᠠᠷᠠᠭᠠᠯᠵᠠᠭᠰᠠᠨ ᠬᠤᠪᠢ ᠪᠠᠭᠲᠠᠨ᠎ᠠ︶ ᠶᠢ ᠨᠡᠶᠢᠲᠡᠯᠡᠵᠦ᠂ ᠰᠢᠯᠭᠠᠭᠤᠯᠤᠭᠴᠢ ᠶᠢᠨ ᠳᠣᠲᠣᠷ᠎ᠠ ᠪᠠᠨ ᠲᠤᠭ᠎ᠠ ᠲᠠᠢ ᠪᠠᠶᠢᠬᠤ ᠳᠤ ᠬᠠᠪᠰᠤᠷᠤᠮᠵᠢ ᠪᠣᠯᠭᠠᠪᠠ᠃ ᠣᠶᠢᠯᠠᠭᠠᠭᠰᠠᠨ ᠢᠶᠠᠷ᠂ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠨᠠᠩ ᠰᠠᠶᠢᠨ ᠦᠢᠯᠡᠴᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠪᠠᠰᠠ ︽2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠳᠤ ᠡᠷᠡᠮᠡᠯᠵᠡᠯ ᠲᠠᠭᠯᠠᠬᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ︾ ᠶᠢᠨ ᠸᠢᠳᠢᠣ᠋ ᠦᠢᠯᠡᠳᠦᠭᠰᠡᠨ ᠪᠥᠭᠡᠳ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽2021 ᠣᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠮᠤᠷ ᠲᠠᠶᠢᠪᠤᠩ ᠰᠢᠯᠭᠠᠯᠲᠠ︾ ᠶᠢᠨ ᠦᠢᠯᠡᠴᠢᠯᠡᠭᠡᠨ ᠤ ᠲᠠᠪᠴᠠᠩ ᠳᠤ ᠨᠡᠶᠢᠲᠡᠯᠡᠵᠦ᠂ ᠰᠢᠯᠭᠠᠭᠤᠯᠤᠭᠴᠢ ᠪᠠ ᠬᠡᠷ ᠤᠨ ᠠᠬᠠᠮᠠᠳ ᠬᠡᠵᠢᠶ᠎ᠡ ᠴᠦ ᠦᠵᠡᠵᠦ ᠪᠣᠯᠤᠨ᠎ᠠ᠃       ᠡᠭᠦᠨ ᠠᠴᠠ ᠭᠠᠳᠠᠨ᠎ᠠ᠂ 6 ᠳ᠋ᠤᠭᠠᠷ ᠰᠠᠷ᠎ᠠ ᠶᠢᠨ 24 ᠤ ᠡᠳᠦᠷ ᠤᠨ 9᠄ 00 ᠠᠴᠠ 17᠄ 00 ᠪᠣᠯᠲᠠᠯ᠎ᠠ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠢᠰᠲ᠋ᠧᠮ ᠢᠶᠠᠷ ᠢᠶᠠᠨ ᠰᠣᠷᠣᠭᠴᠢ ᠡᠯᠰᠡᠬᠦ ᠰᠢᠯᠭᠠᠯᠲᠠ ᠪᠠᠭᠲᠠᠨ᠎ᠠ︶ ᠳᠤ ᠣᠷᠣᠯᠴᠠᠭᠰᠠᠨ ᠪᠣᠶ ᠪᠥᠬᠦᠶ ᠰᠢᠯᠭᠠᠭᠤᠯᠤᠭᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠰᠣᠷᠢᠯᠲᠠ ᠬᠢᠵᠦ ᠪᠣᠯᠤᠨ᠎ᠠ᠃ ᠰᠢᠯᠭᠠᠭᠤᠯᠤᠭᠴᠢᠳ ᠰᠢᠯᠭᠠᠭᠤᠯᠬᠤ ᠦᠨᠡᠮᠯᠡᠯ ᠳᠡᠭᠡᠷᠡᠬᠢ ︽ᠰᠢᠯᠭᠠᠭᠤᠯᠤᠭᠴᠢ ᠶᠢᠨ ᠦᠢᠯᠡᠴᠢᠯᠡᠭᠡ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ︾ ᠭᠡᠬᠦ ᠰᠦᠯᠵᠢᠶᠡᠨ ᠬᠠᠶ᠋ᠢᠭ ᠢᠶᠠᠷ ᠡᠷᠡᠮᠡᠯᠵᠡᠯ ᠢᠶᠠᠨ ᠲᠠᠭᠯᠠᠵᠤ᠂ ᠲᠠᠭᠯᠠᠨ ᠮᠡᠳᠡᠭᠦᠯᠬᠦ ᠶᠠᠪᠤᠴᠠ ᠪᠠᠨ ᠰᠠᠶᠢᠲᠤᠷ ᠣᠶᠢᠯᠠᠭᠠᠵᠤ ᠪᠣᠯᠤᠨ᠎ᠠ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ