内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠮᠠᠨ ᠤ ᠣᠷᠣᠨ ᠬᠢᠭᠡᠳ ᠱᠠᠩᠬᠠᠶ ᠬᠤᠲᠠ ᠶᠢᠨ ᠹᠦᠳᠠᠨ ᠶᠡᠭᠡ ᠰᠤᠷᠭᠠᠭᠤᠯᠢ ᠲᠠᠢ ᠴᠢᠳᠠᠪᠤᠷᠢᠲᠠᠨ ᠤ ᠣᠶᠤᠨ ᠤ ᠬᠠᠮᠲᠤᠷᠠᠯᠴᠠᠭ᠎ᠠ ᠶᠢᠨ ᠲᠤᠬᠠᠶ ᠵᠦᠪᠳᠡᠨ ᠬᠡᠯᠡᠯᠴᠡᠵᠦ ᠰᠠᠨᠠᠯ ᠢᠶᠠᠨ ᠰᠤᠯᠢᠯᠴᠠᠵᠠᠢ
        ᠨᠡᠶᠢᠲᠡᠯᠡᠭᠰᠡᠨ ᠴᠠᠭ᠄
        2021/6/24
              ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠬᠦᠯ ᠬᠠᠮᠠᠭᠠᠯᠠᠯ ᠡᠷᠡᠬᠦᠯ ᠮᠠᠨᠳᠤ᠂ ᠮᠥᠩᠭᠦᠨ ᠭᠦᠢᠯᠭᠡᠭᠡ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠳᠠᠭᠠᠭᠤᠯᠤᠨ ᠱᠠᠩᠬᠠᠶ ᠬᠤᠲᠠ ᠳᠤ ᠬᠦᠷᠴᠦ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤ᠋ ᠸᠧᠨ ᠷᠦᠩ ᠪᠠ ᠹᠦᠳᠠᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠢᠶᠤᠤ ᠶᠠᠩ ᠲᠠᠢ ᠬᠤᠶᠠᠷ ᠭᠠᠵᠠᠷ ᠤᠨ ᠴᠢᠳᠠᠪᠤᠷᠢᠲᠠᠨ ᠢ ᠬᠥᠮᠦᠵᠢᠭᠦᠯᠬᠦ᠂ ᠺᠠᠳ᠋ᠷ ᠤᠨ ᠰᠣᠯᠢᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠵᠡᠷᠭᠡ ᠶᠢ ᠴᠢᠩᠭᠠᠳᠬᠠᠬᠤ ᠲᠤᠬᠠᠶ ᠵᠥᠪᠳᠡᠨ ᠬᠡᠯᠡᠯᠴᠡᠵᠦ ᠰᠠᠨᠠᠯ ᠢᠶᠠᠨ ᠰᠣᠯᠢᠯᠴᠠᠵᠤ᠂ ᠱᠠᠩᠬᠠᠶ ᠬᠤᠲᠠ ᠶᠢᠨ ᠠᠵᠢᠯ ᠲᠥᠷᠥᠯ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠣᠯᠭᠠᠯᠴᠠᠬᠤ ᠶᠢᠨ ᠬᠠᠮᠲᠤ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃      ᠵᠥᠪᠳᠡᠨ ᠬᠡᠯᠡᠯᠴᠡᠭᠦ ᠳᠤᠮᠳᠠ᠂ ᠶᠠᠩ ᠸᠧᠢ ᠳ᠋ᠦᠩ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠤᠯᠠᠨ ᠵᠢᠯ ᠤᠨ ᠲᠤᠷᠰᠢ ᠥᠪᠥᠷ ᠮᠣᠩᠭᠤᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠱᠠᠩᠬᠠᠢ ᠪᠣᠯ ᠪᠦᠬᠦ ᠤᠯᠤᠰ ᠴᠢᠨᠠᠭᠰᠢᠯᠠᠪᠠᠯ ᠪᠦᠬᠦ ᠪᠥᠮᠪᠥᠷᠴᠡᠭ ᠤᠨ ᠴᠢᠳᠠᠪᠤᠷᠢᠲᠠᠨ ᠤ ᠴᠢᠬᠤᠯᠠ ᠭᠠᠵᠠᠷ ᠮᠥᠨ᠂ ᠰᠤᠷᠭᠠᠨ ᠬᠥᠮᠦᠵᠢᠯ᠂ ᠴᠢᠳᠠᠪᠤᠷᠢᠲᠠᠨ ᠪᠠ ᠤᠶᠤᠨ ᠤ ᠡᠬᠢ ᠪᠠᠶᠠᠯᠢᠭ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠶᠤᠮ᠃ ᠬᠤᠶᠠᠷ ᠭᠠᠵᠠᠷ ᠤᠨ ᠭᠤᠣᠯ ᠤᠳᠤᠷᠢᠳᠤᠯᠭ᠎ᠠ ᠬᠠᠷᠢᠯᠴᠠᠨ ᠠᠶᠢᠯᠴᠢᠯᠠᠵᠤ ᠰᠠᠨᠠᠯ ᠢᠶᠠᠨ ᠰᠣᠯᠢᠯᠴᠠᠬᠰᠡᠨ ᠰᠠᠭᠤᠷᠢᠨ ᠳᠡᠭᠡᠷ᠎ᠡ᠂ ᠴᠢᠳᠠᠪᠤᠷᠢᠲᠠᠨ ᠢ ᠬᠥᠮᠦᠵᠢᠭᠦᠯᠬᠦ᠂ ᠺᠠᠳ᠋ᠷ ᠢ ᠰᠣᠯᠢᠯᠴᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠱᠠᠩᠬᠠᠢ ᠥᠪᠥᠷ ᠮᠣᠩᠭᠤᠯ ᠬᠤᠶᠠᠷ ᠭᠠᠵᠠᠷ ᠤᠨ ᠶᠠᠪᠤᠯᠴᠠᠭ᠎ᠠ ᠰᠣᠯᠢᠯᠴᠠᠭ᠎ᠠ ᠶᠢᠨ ᠰᠢᠨ᠎ᠡ ᠰᠤᠳᠤᠨ ᠰᠠᠶᠢᠬᠠᠨ ᠲᠠᠭᠤᠷᠢᠰᠬᠠᠯ ᠢ ᠲᠠᠬᠢᠨᠳᠠ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃      ᠬᠤ᠋ ᠸᠧᠨ ᠷᠦᠩ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠬᠤᠶᠠᠷ ᠭᠠᠵᠠᠷ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠣᠷᠣᠨ ᠵᠠᠢ ᠨᠡᠩ ᠥᠷᠭᠡᠨ ᠪᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠨᠡᠩ ᠨᠢᠭᠲᠠ ᠬᠠᠮᠲᠤᠷᠠᠯᠴᠠᠵᠤ᠂ ᠨᠠᠷᠢᠯᠢᠭ ᠤᠨᠤᠴᠠᠳᠠᠢ ᠵᠣᠯᠭᠠᠯᠴᠠᠵᠤ᠂ ᠴᠢᠳᠠᠪᠤᠷᠢᠲᠠᠨ ᠤ ᠤᠶᠤᠨ ᠴᠢᠳᠠᠪᠤᠷᠢ ᠶᠢᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠶ᠎ᠠ ᠬᠡᠵᠤ ᠢᠯᠡᠳᠬᠡᠪᠠ᠃      ᠲᠣᠰ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢ ︽ᠶᠠᠮᠤᠨ ᠣᠷᠣᠨ ᠬᠠᠮᠲᠤᠷᠠᠨ ᠪᠠᠶᠢᠭᠤᠯᠬᠤ︾ ᠶᠢ ᠠᠬᠢᠭᠤᠯᠬᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠶᠠᠪᠤᠳᠠᠯ ᠤᠨ ᠲᠣᠭᠤᠷᠢᠨ ᠳᠤ᠂ ᠶᠠᠩ ᠸᠧᠶ ᠳ᠋ᠦᠩ᠂ ᠵᠧᠩ ᠬᠤᠩ ᠹᠠᠨ ᠹᠦᠳᠠᠨ ᠶᠡᠭᠡ ᠰᠤᠷᠭᠠᠭᠤᠯᠢ ᠳᠤ ᠬᠦᠷᠴᠦ ᠵᠢᠶᠤᠤ ᠶᠠᠩ ᠲᠠᠢ ᠵᠥᠪᠳᠡᠨ ᠬᠡᠯᠡᠯᠴᠡᠵᠦ ᠰᠠᠨᠠᠯ ᠢᠶᠠᠨ ᠰᠣᠯᠢᠯᠴᠠᠪᠡ᠃ ᠬᠤᠶᠠᠷ ᠲᠠᠯ᠎ᠠ ᠪᠠᠷ ᠢᠶᠠᠨ ᠳᠡᠭᠡᠳᠦ ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠳᠡᠮᠵᠢᠬᠦ᠂ ᠴᠢᠳᠠᠪᠤᠷᠢᠲᠠᠨ ᠤ ᠦᠢᠯᠡᠳᠦᠯᠭᠡ ᠶᠢᠨ ᠰᠠᠭᠤᠷᠢᠨ ᠢ ᠬᠠᠮᠲᠤ ᠪᠠᠷ ᠪᠠᠶᠢᠭᠤᠯᠬᠤ᠂ ᠬᠠᠷᠢᠯᠴᠠᠨ ᠺᠠᠳ᠋ᠷ ᠲᠣᠮᠢᠯᠠᠵᠤ ᠲᠤᠰᠢᠶᠠᠯ ᠡᠭᠦᠷᠭᠡᠯᠡᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ