内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢ ᠶᠢᠨ ᠫᠢᠩ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠤᠨ ᠰᠠᠨᠰᠠᠷᠴᠢᠳ ᠲᠠᠢ ᠳᠣᠲᠣᠨᠣ ᠪᠠᠷ ᠶᠠᠷᠢᠯᠴᠠᠪᠠ
        ᠨᠡᠶᠢᠲᠡᠯᠡᠭᠰᠡᠨ ᠴᠠᠭ᠄
        2021/6/24
        1.png
              6 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠦᠷᠴᠦ᠂ ᠲᠢᠶᠠᠨ ᠾᠧ ᠭᠤᠣᠯ ᠥᠷᠥᠭᠡᠨ ᠳᠤ ᠡᠭᠦᠷᠭᠡ ᠭᠦᠢᠴᠡᠳᠬᠡᠵᠦ ᠪᠠᠶᠢᠭ᠎ᠠ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠤᠨ ᠰᠠᠨᠰᠠᠷᠴᠢᠨ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ ᠲᠠᠢ ᠳᠣᠲᠣᠨᠣ ᠪᠠᠷ ᠶᠠᠷᠢᠯᠴᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠦᠢ ᠫᠧᠩ ︵ᠵᠡᠭᠦᠨᠳᠡᠬᠢ ᠵᠢᠷᠤᠭ︶ ᠶᠤᠸᠠᠢ ᠶᠤᠸᠠᠢ ᠸᠧᠢ ︵ᠪᠠᠷᠠᠭᠤᠨᠳᠡᠬᠢ ᠵᠢᠷᠤᠭ︶ ᠰᠡᠭᠦᠳᠡᠷᠯᠡᠪᠡ᠃      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 23 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠡᠮᠦᠨ᠎ᠡ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠬᠦᠷᠴᠦ᠂ ᠲᠢᠶᠠᠨ ᠾᠧ ᠭᠤᠣᠯ ᠥᠷᠥᠭᠡᠨ ᠳᠤ ᠡᠭᠦᠷᠭᠡ ᠭᠦᠢᠴᠡᠳᠬᠡᠵᠦ ᠪᠠᠶᠢᠭ᠎ᠠ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠤᠨ ᠰᠠᠨᠰᠠᠷᠴᠢᠨ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ ᠲᠠᠢ ᠳᠣᠲᠣᠨᠣ ᠪᠠᠷ ᠶᠠᠷᠢᠯᠴᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠠᠵᠢᠯᠯᠠᠭ᠎ᠠ ᠳᠤ ᠣᠷᠣᠯᠴᠠᠪᠠ᠃      ᠬᠤᠪᠢᠯᠭᠠᠨ ᠣᠩᠭᠤᠴᠠ ᠠᠷᠪᠠᠨ ᠬᠤᠶᠠᠳᠤᠭᠠᠷ ᠨᠢᠰᠬᠦ ᠣᠩᠭᠤᠴᠠ ᠶᠢ 6 ᠰᠠᠷ᠎ᠠ ᠶᠢᠨ 17 ᠤ ᠡᠳᠦᠷ ᠣᠭᠲᠠᠷᠭᠤᠢ ᠳᠤ ᠬᠠᠷᠪᠤᠭᠰᠠᠨ ᠠᠴᠠ ᠨᠠᠭᠠᠰᠢ᠂ ᠰᠢ ᠶᠢᠨ ᠫᠢᠩ 3 ᠰᠠᠨᠰᠠᠷᠴᠢᠨ ᠤ ᠪᠡᠶ᠎ᠡ ᠮᠠᠬᠠᠪᠣᠳ ᠪᠣᠯᠤᠨ ᠡᠭᠦᠷᠭᠡ ᠭᠦᠢᠴᠡᠳᠬᠡᠵᠦ ᠪᠠᠶᠢᠭ᠎ᠠ ᠪᠠᠶᠢᠳᠠᠯ ᠢ ᠲᠦᠢᠯ ᠢᠶᠠᠷ ᠬᠠᠯᠠᠮᠵᠢᠯᠠᠵᠤ᠂ 23 ᠤ ᠡᠳᠦᠷ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠲᠤᠰᠬᠠᠶᠢᠯᠠᠨ ᠬᠦᠷᠴᠦ ᠰᠠᠨᠰᠠᠷᠴᠢᠤᠨ ᠲᠠᠢ ᠲᠤᠳᠤᠨᠤ ᠪᠠᠷ ᠶᠠᠷᠢᠯᠴᠠᠪᠠ᠃      ᠦᠳᠡ ᠶᠢᠨ ᠡᠮᠦᠨᠡᠬᠢ 9 ᠴᠠᠭ 35 ᠮᠢᠨᠦ᠋ᠲ ᠲᠤ᠂ ᠰᠢ ᠶᠢᠨ ᠫᠢᠩ ᠨᠡᠷ ᠵᠢᠯᠣᠭᠤᠳᠬᠤ ᠶᠡᠭᠡ ᠲᠢᠩᠬᠢᠮ ᠳᠤ ᠣᠷᠣᠵᠤ᠂ ᠲᠤᠬᠠᠢ ᠶᠢᠨ ᠲᠠᠯᠠᠪᠠᠢ ᠶᠢᠨ ᠲᠤᠮᠤ ᠳᠡᠯᠭᠡᠴᠡ ᠪᠠᠷ ᠲᠢᠶᠠᠨ ᠾᠧ ᠭᠤᠣᠯ ᠦᠷᠦᠭᠡ ᠪᠣᠯᠤᠨ ᠬᠤᠪᠢᠯᠭᠠᠨ ᠣᠩᠭᠤᠴᠠ ᠠᠷᠪᠠᠨ ᠬᠤᠶᠠᠳᠤᠭᠠᠷ ᠨᠢᠰᠬᠦ ᠣᠩᠭᠤᠴᠠ ᠶᠢᠨ ᠬᠠᠮ ᠴᠣᠭᠴᠠ ᠶᠢᠨ ᠠᠵᠢᠯᠯᠠᠭᠠᠨ ᠤ ᠪᠠᠶᠢᠳᠠᠯ ᠵᠢᠴᠢ ᠰᠠᠨᠰᠠᠷᠴᠢᠨ ᠤ ᠲᠣᠭᠤᠷᠢᠯᠲᠠ ᠶᠢᠨ ᠵᠠᠮ ᠳᠤ ᠠᠵᠢᠯᠯᠠᠵᠤ ᠪᠠᠶᠢᠭ᠎ᠠ ᠪᠠᠶᠢᠳᠠᠯ ᠢ ᠦᠵᠡᠪᠡ᠃ ᠳᠡᠯᠭᠡᠴᠡᠡ ᠳᠡᠭᠡᠷ᠎ᠡ ᠲᠢᠶᠠᠨ ᠾᠧ ᠭᠤᠣᠯ ᠦᠷᠦᠭᠡ ᠳᠤᠳᠤᠷᠠᠬᠢ ᠠᠬᠤᠢ ᠦᠵᠡᠭᠳᠡᠯ ᠲᠣᠳᠣᠷᠬᠠᠢ ᠢᠯᠡᠷᠡᠵᠥ᠂ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ ᠲᠤᠰ ᠲᠤᠰ ᠮᠧᠬᠠᠨᠢᠭ ᠭᠠᠷ ᠤᠨ ᠲᠣᠭᠤᠷᠢᠯ ᠵᠠᠮ ᠳᠠᠬᠢ ᠪᠣᠯᠪᠠᠰᠤᠷᠠᠯ ᠤᠨ ᠲᠦᠷᠦᠯ ᠵᠦᠢᠯ ᠢ ᠬᠦᠢᠴᠡᠳᠬᠡᠬᠦ᠂ ᠥᠷᠥᠭᠡᠨ ᠤ ᠭᠠᠳᠠᠨᠠᠬᠢ ᠰᠠᠨᠰᠠᠷ ᠤᠨ ᠠᠶᠠᠯᠠᠯ ᠤᠨ ᠬᠤᠪᠴᠠᠰᠤᠨ ᠤ ᠪᠠᠶᠢᠷᠢᠯᠠᠭᠤᠯᠤᠯᠲᠠ ᠪᠣᠯᠤᠨ ᠪᠠᠶᠢᠴᠠᠭᠠᠯᠲᠠ ᠵᠡᠷᠭᠡ ᠥᠷᠥᠭᠡᠨ ᠠᠴᠠ ᠭᠠᠷᠬᠤ ᠠᠴᠠ ᠡᠮᠦᠨᠡᠬᠢ ᠪᠡᠯᠡᠳᠬᠡᠯ ᠠᠵᠢᠯ ᠢ ᠬᠢᠵᠦ ᠪᠠᠶᠢᠯ᠎ᠠ᠃      9 ᠴᠠᠭ 40 ᠮᠢᠨᠦ᠋ᠲ ᠲᠤ᠂ ᠰᠢ ᠶᠢᠨ ᠫᠢᠩ ᠪᠣᠰᠴᠤ ᠵᠣᠭᠰᠣᠨ᠂ ᠡᠮᠦᠨ᠎ᠡ ᠲᠠᠯ᠎ᠠ ᠶᠢᠨ ᠵᠢᠯᠣᠭᠤᠳᠬᠤ ᠰᠠᠭᠤᠳᠠᠯ ᠳᠤ ᠬᠦᠷᠪᠡ᠃ ᠨᠢᠶᠧ ᠬᠠᠢ ᠱᠧᠩ᠂ ᠯᠢᠦ ᠪᠥᠸᠧ ᠮᠢᠩ᠂ ᠲᠠᠩ ᠬᠤᠩ ᠪᠥᠸᠧ 3 ᠰᠠᠨᠰᠠᠷᠴᠢᠨ ᠴᠤᠭ ᠵᠢᠪᠬᠤᠭ᠎ᠠ ᠲᠡᠭᠦᠯᠳᠡᠷ ᠪᠠᠶᠢᠵᠤ᠂ ᠰᠢ ᠶᠢᠨ ᠫᠢᠩ ᠳᠤ ᠶᠣᠰᠣᠯᠠᠪᠠ᠃      ᠰᠢ ᠶᠢᠨ ᠫᠢᠩ᠄ ᠬᠠᠢ ᠱᠧᠩ ᠨᠥᠬᠦᠷ᠂ ᠪᠥᠸᠧ ᠮᠢᠩ ᠨᠥᠬᠦᠷ᠂ ᠬᠤᠩ ᠪᠥᠸᠧ ᠨᠥᠬᠦᠷ᠂ ᠲᠠ ᠨᠠᠷ ᠵᠦᠳᠡᠷᠡᠯ᠎ᠡ᠃ ᠪᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠤᠨ᠎ᠡ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠲᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕      ᠨᠢᠶᠧ ᠬᠠᠢ ᠱᠧᠩ᠄ ᠶᠡᠷᠦᠩᠬᠡᠢ ᠱᠦᠵᠢ ᠳᠤ ᠪᠠᠶᠠᠷᠯᠠᠯ᠎ᠠ᠂ ᠪᠦᠭᠦ ᠤᠯᠤᠰ ᠤᠨ ᠠᠷᠠᠳ ᠲᠦᠮᠡᠨ ᠳᠤ ᠪᠠᠶᠠᠷᠯᠠᠯ᠎ᠠ︕      ᠰᠢ ᠶᠢᠨ ᠫᠢᠩ᠄ ᠲᠠ ᠨᠠᠷ ᠪᠣᠯ ᠲᠢᠶᠠᠨ ᠾᠧ ᠭᠤᠣᠯ ᠥᠷᠥᠭᠡᠨ ᠳᠤ ᠣᠷᠣᠬᠰᠠᠨ ᠠᠩᠬᠠᠳᠠᠬᠴᠢ ᠪᠦᠯᠦᠭ ᠤᠨ ᠰᠠᠨᠰᠠᠷᠴᠢᠨ ᠮᠥᠨ᠂ ᠰᠠᠨᠰᠠᠷ ᠲᠤ ᠦᠯᠡᠳᠡᠵᠥ 3 ᠰᠠᠷ᠎ᠠ ᠠᠵᠢᠯᠯᠠᠬᠤ ᠪᠣᠯᠤᠨ᠎ᠠ᠃ ᠲᠠ ᠨᠠᠷ ᠤᠨ ᠰᠠᠨᠰᠠᠷ ᠲᠠᠬᠢ ᠠᠵᠢᠯ ᠠᠮᠢᠳᠤᠷᠠᠯ ᠤᠨ ᠪᠠᠶᠢᠳᠠᠯ ᠴᠠᠭ ᠢᠮᠠᠬᠳᠠ ᠪᠦᠬᠦ ᠤᠯᠤᠰ ᠤᠨ ᠠᠷᠠᠳ ᠲᠦᠮᠡᠨ ᠤ ᠰᠡᠳᠬᠢᠯ ᠢ ᠲᠠᠲᠠᠵᠤ ᠪᠠᠶᠢᠨ᠎ᠠ᠃ ᠲᠠᠨᠤᠰ ᠤᠨ ᠣᠳᠣᠬᠠᠨ ᠤ ᠪᠡᠶ᠎ᠡ ᠮᠠᠬᠠᠪᠤᠳ ᠤᠨ ᠪᠠᠶᠢᠳᠠᠯ ᠶᠠᠮᠠᠷ ᠵᠡᠷᠭᠡ ᠪᠠᠶᠢᠨ᠎ᠠ ᠪᠤᠢ᠂ ᠠᠮᠢᠳᠤᠷᠠᠯ ᠶᠠᠮᠠᠷ ᠵᠡᠷᠭᠡ ᠪᠤᠢ︖ ᠠᠵᠢᠯ ᠤᠷᠤᠭᠰᠢᠲᠠᠶ ᠦᠦ︖      ᠨᠢᠶᠧ ᠬᠠᠢ ᠱᠧᠩ᠄ ᠶᠡᠷᠦᠩᠬᠡᠢ ᠱᠦᠵᠢ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠨ᠎ᠠ︕ ᠪᠢᠳᠡᠨ ᠤ ᠪᠡᠶ᠎ᠡ ᠮᠠᠬᠠᠪᠤᠳ ᠤᠨ ᠪᠠᠶᠢᠳᠠᠯ ᠮᠠᠰᠢ ᠰᠠᠶᠢᠨ᠂ ᠡᠯ᠎ᠡ ᠵᠦᠢᠯ ᠤᠨ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃ ᠪᠢ ᠭᠤᠷᠪᠠᠳᠤᠭᠠᠷ ᠤᠳᠠᠭ᠎ᠠ ᠡᠭᠦᠷᠭᠡ ᠭᠦᠢᠴᠡᠳᠬᠡᠵᠦ ᠪᠠᠶᠢᠨ᠎ᠠ᠂ ᠲᠢᠶᠠᠨ ᠾᠧ ᠭᠤᠤᠯ ᠥᠷᠥᠭᠡᠨ ᠳᠤ ᠠᠵᠢᠯᠯᠠᠵᠤ ᠠᠮᠢᠳᠤᠷᠠᠬᠤ ᠨᠥᠬᠦᠴᠡᠯ ᠶᠠᠪᠤᠬᠤ ᠲᠤᠲᠤᠮ ᠰᠠᠶᠢᠵᠢᠷᠠᠵᠤ᠂ ᠮᠠᠨ ᠤ ᠳᠤᠮᠳᠠᠳᠤ ᠤᠯᠤᠰ ᠤᠨ ᠰᠠᠨᠰᠠᠷᠴᠢᠨ ᠰᠠᠨᠰᠠᠷ ᠲᠤ ᠣᠷᠳᠣ ᠬᠤᠭᠤᠴᠠᠭ᠎ᠠ ᠪᠠᠷ ᠲᠣᠭᠤᠷᠢᠯᠲᠠ ᠶᠢᠨ ᠵᠠᠮ ᠢᠶᠠᠷ ᠠᠶᠠᠯᠠᠬᠤ ᠬᠡᠷ ᠲᠠᠢ ᠪᠣᠯᠵᠠᠶ᠃ ᠠᠯᠤᠰ ᠬᠤᠯᠠ ᠶᠢᠨ ᠣᠭᠲᠠᠷᠭᠤᠢ ᠳᠤ᠂ ᠪᠢᠳᠡ ᠠᠭᠤᠤ ᠶᠡᠭᠡ ᠨᠠᠮ ᠪᠣᠯᠤᠨ ᠡᠬᠡ ᠤᠯᠤᠰ ᠤᠨ ᠡᠮᠦᠨ᠎ᠡ ᠠᠴᠠ ᠪᠠᠭ᠋ᠠᠳᠤᠨ ᠣᠮᠣᠭᠰᠢᠵᠤ ᠪᠠᠶᠢᠨ᠎ᠠ᠃      ᠯᠢᠦ ᠪᠥᠸᠧ ᠮᠢᠩ᠄ ᠶᠡᠷᠦᠩᠬᠡᠢ ᠱᠦᠵᠢ ᠳᠤ ᠮᠡᠳᠡᠭᠦᠯᠦᠶ᠎ᠡ᠂ ᠪᠢ ᠬᠤᠶᠠᠳᠤᠭᠠᠷ ᠤᠳᠠᠭ᠎ᠠ ᠡᠭᠦᠷᠭᠡ ᠭᠦᠢᠴᠡᠳᠬᠡᠵᠦ ᠪᠠᠶᠢᠨ᠎ᠠ᠃ ᠡᠨᠡ ᠤᠳᠠᠭᠠᠨ ᠤ ᠡᠭᠦᠷᠭᠡ ᠳᠤ ᠣᠷᠣᠯᠴᠠᠬᠰᠠᠨ ᠨᠢ ᠨᠠᠳᠠᠳᠦ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ᠂ ᠲᠦᠢᠯ ᠤᠨ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠃ ᠵᠠᠯᠭᠠᠭᠠᠳ ᠪᠢᠳᠡ ᠬᠤᠶᠠᠷ ᠤᠳᠠᠭᠠᠨ ᠤ ᠥᠷᠥᠭᠡᠨ ᠠᠴᠠ ᠭᠠᠷᠬᠤ ᠬᠥᠳᠡᠯᠭᠡᠭᠡᠨ ᠬᠢᠬᠦ ᠪᠠ ᠮᠧᠬᠠᠨᠢᠭ ᠭᠠᠷ ᠢᠶᠠᠷ ᠠᠵᠢᠯᠯᠠᠬᠤ ᠵᠡᠷᠭᠡ ᠠᠯᠢ ᠣᠯᠠᠨ ᠮᠡᠷᠭᠡᠵᠢᠯ ᠤᠨ ᠰᠢᠯᠭᠠᠨ ᠪᠠᠳᠤᠯᠠᠯᠳᠠ ᠶᠢᠨ ᠲᠤᠷᠰᠢᠯᠳᠠ ᠬᠢᠨ᠎ᠠ᠂ ᠪᠢᠳᠡ ᠯᠠᠪᠲᠠᠶ ᠨᠠᠷᠢᠨ ᠨᠢᠮᠪᠠᠶ ᠠᠵᠢᠯᠯᠠᠵᠤ᠂ ᠡᠯ᠎ᠡ ᠵᠦᠢᠯ ᠤᠨ ᠲᠤᠷᠰᠢᠯᠲᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠨ᠎ᠠ᠃      ᠳᠠᠩ ᠬᠤᠩ ᠪᠥᠸᠧ᠄ ᠶᠡᠷᠦᠩᠬᠡᠢ ᠱᠦᠵᠢ ᠳᠤ ᠮᠡᠳᠡᠭᠦᠯᠦᠶ᠎ᠠ᠂ ᠪᠢ ᠠᠩᠬ᠎ᠠ ᠤᠳᠠᠭ᠎ᠠ ᠰᠠᠨᠰᠠᠷ ᠲᠤ ᠭᠠᠷᠴᠤ ᠪᠠᠶᠢᠨ᠎ᠠ᠂ ᠬᠦᠨᠳᠦᠴᠡ ᠪᠠᠨ ᠠᠯᠳᠠᠭᠰᠠᠨ ᠣᠷᠴᠢᠨ ᠲᠣᠭᠤᠷᠢᠨ ᠳᠤ ᠨᠢᠭᠡᠨᠲᠡ ᠵᠣᠬᠢᠴᠠᠵᠤ᠂ ᠢᠳᠡᠵᠦ ᠤᠤᠭᠤᠬᠤ ᠤᠨᠲᠠᠵᠤ ᠬᠡᠪᠲᠡᠬᠦ ᠪᠣᠯᠤᠨ ᠠᠵᠢᠯᠯᠠᠬᠤ ᠪᠠᠶᠢᠳᠠᠯ ᠴᠦᠮ ᠲᠤᠩ ᠰᠠᠶᠢᠨ᠂ ᠪᠠᠰᠠ ᠭᠡᠷ ᠤᠨ ᠬᠥᠮᠦᠰ ᠲᠠᠢ ᠪᠠᠨ ᠸᠢᠳᠢᠣ᠋ ᠪᠠᠷ ᠶᠠᠷᠢᠯᠴᠠᠵᠤ ᠪᠤᠯᠤᠨ᠎ᠠ᠂ ᠪᠢᠳᠡᠨ ᠤ ᠰᠠᠨᠰᠠᠷ ᠤᠨ ᠭᠡᠷ ᠣᠷᠣᠨ ᠲᠤᠩ ᠬᠠᠯᠠᠭᠤᠨ ᠳᠤᠯᠠᠭᠠᠨ᠂ ᠲᠤᠩ ᠲᠠᠭᠠᠯᠠᠮᠵᠢᠲᠠᠢ᠃ ᠪᠢᠳᠡ ᠳᠠᠷᠠᠭᠠᠴᠢ ᠶᠢᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠢᠲᠡᠭᠡᠯ ᠲᠡᠭᠦᠯᠳᠡᠷ ᠪᠠᠶᠢᠨ᠎ᠠ᠃      ᠰᠢ ᠶᠢᠨ ᠫᠢᠩ᠄ ᠲᠠ ᠨᠠᠷ ᠤᠨ ᠪᠠᠶᠢᠳᠠᠯ ᠮᠠᠰᠢ ᠰᠠᠶᠢᠨ᠂ ᠠᠵᠢᠯ ᠤᠷᠤᠭᠰᠢᠲᠠᠢ ᠪᠠᠶᠢᠬᠤ ᠶᠢ ᠬᠠᠷᠠᠭᠠᠳ ᠤᠯᠠᠨ ᠢᠶᠠᠷ ᠢᠶᠠᠨ ᠮᠠᠰᠢ ᠪᠠᠶᠠᠷᠯᠠᠵᠤ ᠪᠠᠶᠢᠨ᠎ᠠ᠃ ᠰᠠᠨᠰᠠᠷ ᠤᠨ ᠦᠷᠳᠡᠭᠡ ᠶᠢ ᠪᠠᠶᠢᠭᠤᠯᠬᠤ ᠪᠣᠯ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠴᠢᠬᠤᠯᠠ ᠬᠦᠰᠢᠶ᠎ᠡ ᠲᠡᠮᠳᠡᠭ ᠮᠥᠨ᠂ ᠲᠡᠷᠡ ᠨᠢ ᠬᠥᠮᠦᠨ ᠲᠥᠷᠥᠯᠬᠢᠲᠡᠨ ᠤ ᠰᠠᠨᠰᠠᠷ ᠢ ᠡᠩᠬᠡ ᠲᠠᠶᠢᠪᠤᠩ ᠢᠶᠠᠷ ᠠᠰᠢᠬᠯᠠᠬᠤ ᠳᠤ ᠨᠡᠭᠡᠭᠡᠯᠲᠡᠲᠦ ᠴᠢᠨᠠᠷᠲᠠᠢ ᠬᠤᠪᠢ ᠨᠡᠮᠡᠷᠢ ᠦᠵᠡᠭᠦᠯᠬᠦ ᠪᠣᠯᠤᠨ᠎ᠠ᠃ ᠲᠠ ᠨᠠᠷ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠲᠤᠭ᠎ᠠ ᠲᠣᠮᠰᠢ ᠦᠭᠡᠢ ᠲᠡᠮᠡᠴᠡᠭᠴᠢ᠂ ᠠᠪᠠᠷᠢᠭᠴᠢ ᠶᠢᠨ ᠲᠥᠯᠥᠭᠡᠯᠡᠭᠴᠢ ᠮᠥᠨ᠃ ᠲᠠ ᠨᠠᠷ ᠨᠢᠭᠲᠠ ᠬᠠᠮᠵᠢᠯᠴᠠᠵᠤ᠂ ᠲᠠᠷᠠᠭᠠᠴᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ︕ ᠲᠠ ᠨᠠᠷ ᠤᠨ ᠰᠠᠨᠰᠠᠷ ᠤᠨ ᠠᠵᠢᠯ ᠠᠮᠢᠳᠤᠷᠠᠯ ᠤᠷᠤᠭᠰᠢᠲᠠᠶ ᠪᠠᠶᠢᠬᠤ ᠶᠢ ᠵᠥᠩᠨᠡᠶ᠎ᠡ᠂ ᠪᠢᠳᠡ ᠪᠡᠭᠡᠵᠢᠩ ᠳᠤ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠯᠢᠶᠡᠶ᠎ᠠ︕      ᠨᠢᠶᠧ ᠬᠠᠢ ᠱᠧᠩ᠄ ᠪᠢᠳᠠ ᠶᠡᠷᠦᠩᠬᠡᠢ ᠱᠦᠵᠢ ᠶᠢᠨ ᠵᠢᠭᠠᠪᠤᠷᠢ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠡᠯ᠎ᠡ ᠵᠦᠢᠯ ᠤᠨ ᠡᠭᠦᠷᠭᠡ ᠪᠠᠨ ᠡᠷᠡᠰ ᠪᠡᠶᠡᠯᠡᠭᠦᠯᠦᠨ᠎ᠡ᠃ ᠶᠡᠷᠦᠩᠬᠡᠶ ᠱᠦᠵᠢ ᠰᠠᠨᠠᠭ᠎ᠠ ᠠᠮᠤᠷ ᠪᠠᠶᠢᠭᠠᠷᠠᠶ᠂ ᠪᠥᠬᠦ ᠤᠯᠤᠰ ᠤᠨ ᠠᠷᠠᠳ ᠲᠦᠮᠡᠨ ᠰᠠᠨᠠᠭ᠎ᠠ ᠠᠮᠤᠷ ᠪᠠᠶᠢᠭᠠᠷᠠᠶ︕      ᠳᠠᠷᠠᠭ᠎ᠠ ᠨᠢ᠂ 3 ᠰᠠᠨᠰᠠᠷᠴᠢᠨ ᠶᠤᠰᠤᠯᠠᠪᠡ᠃ ᠰᠢ ᠶᠢᠨ ᠫᠢᠩ ᠭᠠᠷ ᠳᠠᠯᠠᠯᠤᠨ ᠳᠡᠳᠡᠨ ᠳᠤ ᠮᠡᠨᠳᠦᠴᠢᠯᠡᠯ ᠳᠡᠪᠰᠢᠭᠦᠯᠵᠤ᠂ ᠲᠤᠬᠠᠢ ᠶᠢᠨ ᠲᠠᠯᠠᠪᠠᠢ ᠶᠢᠨ ᠲᠤᠷᠰᠢᠯᠳᠠ ᠳᠤ ᠤᠷᠤᠯᠴᠠᠵᠤ ᠪᠠᠶᠢᠭ᠎ᠠ ᠬᠦᠮᠦᠰ ᠢ ᠲᠤᠬᠤᠨᠢᠭᠤᠯᠵᠤ ᠪᠠᠶᠢᠬᠤ ᠪᠠᠨ ᠢᠯᠡᠳᠭᠡᠪᠡ᠃ ᠲᠠᠯᠠᠪᠠᠢ ᠲᠦᠬᠦᠷᠡᠩ ᠬᠠᠯᠠᠭᠤᠨ ᠠᠯᠠᠭ᠎ᠠ ᠲᠠᠰᠢᠯᠳᠠ ᠶᠢᠨ ᠳᠠᠭᠤᠨ ᠤᠳᠠᠳᠠᠯ᠎ᠠ ᠨᠢᠵᠢᠭᠢᠨᠡᠪᠡ᠃      ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠵᠠᠩ ᠶᠢᠤ ᠰᠢᠶᠠ᠂ ᠸᠧᠢ ᠹᠧᠩ ᠾᠧ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ ᠴᠧᠩ᠂ ᠮᠢᠶᠤᠤ ᠬᠤᠸᠠ᠂ ᠵᠠᠩ ᠱᠧᠩ ᠮᠢᠨ ᠶᠠᠷᠢᠯᠴᠠᠬᠤ ᠠᠵᠢᠯᠯᠠᠭ᠎ᠠ ᠳᠤ ᠤᠷᠤᠯᠴᠠᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ