内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠱᠠᠩᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ︽ᠠᠷᠠᠳ ᠤᠨ ᠵᠢᠱᠢᠶᠡᠴᠢ︾ ᠲᠦᠬᠦ᠋ᠢᠮ᠎ᠡ ᠶᠢ ᠡᠷᠬᠢᠨ ᠦᠵᠡᠪᠠ
        ᠨᠡᠶᠢᠲᠡᠯᠡᠭᠰᠡᠨ ᠴᠠᠭ᠄
        2021/6/3
              6 ᠰᠠᠷ᠎ᠠ ᠶᠢᠨ 1 ᠠᠴᠠ 2 ᠤᠨ ᠡᠳᠦᠷ ᠪᠣᠯᠲᠠᠯ᠎ᠠ᠂ ᠱᠠᠩᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ ᠱᠠᠩᠬᠠᠶ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ︽ᠠᠷᠠᠳ ᠤᠨ ᠵᠢᠱᠢᠶᠡᠴᠢ︾ ᠲᠦᠬᠦ᠋ᠢᠮ᠎ᠡ ᠶᠢ ᠡᠷᠬᠢᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠰᠢᠨᠵᠢᠯᠡᠨ ᠪᠠᠶᠢᠴᠠᠭᠠᠪᠠ᠃
        W020210603337025956169.jpg
                   ᠲᠥᠯᠥᠭᠡᠯᠡᠭᠴᠢᠳ ᠤᠨ ᠪᠦᠯᠬᠦᠮ ᠮᠠᠰᠢᠨ ᠲᠡᠷᠭᠡ ᠪᠠᠷ 100 ᠭᠠᠷᠤᠶ ᠺᠢᠯᠤᠮᠧᠲᠷ ᠠᠶᠠᠯᠠᠵᠤ᠂ ᠬᠥᠬᠡᠬᠤᠲᠠ ᠠᠴᠠ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠢᠷᠡᠵᠦ᠂ ︽ᠠᠷᠠᠳ ᠤᠨ ᠵᠢᠱᠢᠶᠡᠴᠢ︾ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ ᠲᠦᠬᠦ᠋ᠢᠮ᠎ᠡ ᠨᠠᠰᠤᠲᠠᠨ ᠢ ᠡᠷᠬᠢᠨ ᠦᠵᠡᠪᠡ᠃ ᠯᠢ ᠴᠢᠶᠠᠩ ᠲᠦᠬᠦ᠋ᠢᠮ᠎ᠡ ᠨᠠᠰᠤᠲᠠᠨ ᠳᠤ ︽ᠱᠠᠩᠬᠠᠶ ᠬᠤᠲᠠ ᠶᠢᠨ ᠨᠡᠷ᠎ᠡ ᠬᠦᠨᠳᠦᠲᠦ ᠬᠤᠲᠠ ᠶᠢᠨ ᠠᠷᠠᠳ︾ ᠤᠨ ᠲᠡᠮᠳᠡᠭ᠂ ᠦᠨᠡᠮᠯᠡᠯ ᠣᠯᠭᠤᠪᠠ᠃      6 ᠰᠠᠷ᠎ᠠ ᠶᠢᠨ 2 ᠤᠨ ᠦᠳᠡ ᠶᠢᠨ ᠡᠮᠦᠨ᠎ᠠ᠂ ᠱᠠᠩᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠯᠠᠭᠠᠨᠴᠠᠪ ᠬᠤᠲᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ ᠱᠠᠩᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨ ᠲᠦᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠶᠢᠨ ᠲᠠᠢ ᠾᠧ ᠴᠡᠴᠡᠷᠯᠢᠭ ᠰᠠᠭᠤᠭᠠᠯᠢ ᠠᠷᠠᠳ ᠤᠨ ᠲᠤᠭᠤᠷᠢᠭ ᠲᠤ ᠢᠷᠡᠨ᠂ ︽ᠠᠷᠠᠳ ᠤᠨ ᠵᠢᠱᠢᠶᠡᠴᠢ︾ ᠲᠦᠬᠦ᠋ᠢᠮ᠎ᠡ ᠨᠠᠰᠤᠲᠠᠨ ᠢ ᠡᠷᠬᠢᠨ ᠦᠵᠡᠵᠦ ᠲᠤᠬᠤᠨᠢᠭᠤᠯᠬᠤ ᠶᠢᠨ ᠬᠠᠮᠳᠦ ᠲᠡᠬᠦᠨ ᠳᠤ ︽ᠱᠠᠩᠬᠠᠶ ᠬᠤᠲᠠ ᠶᠢᠨ ᠨᠡᠷ᠎ᠡ ᠬᠦᠨᠳᠦᠲᠦ ᠬᠤᠲᠠ ᠶᠢᠨ ᠠᠷᠠᠳ︾ ᠤᠨ ᠴᠤᠯᠠ ᠤᠯᠭᠤᠪᠠ᠃ ᠰᠤᠷᠪᠤᠯᠵᠢᠯᠠᠬᠴᠢ ᠶᠤᠸᠠᠨ ᠶᠦᠩ ᠬᠤᠩ ᠰᠡᠬᠦᠳᠡᠷᠯᠡᠪᠡ      ᠳᠡᠭᠡᠷ᠎ᠡ ᠵᠠᠭᠤᠨ ᠤ ᠵᠢᠷᠠᠭᠠᠳ ᠣᠨ ᠤ ᠡᠬᠢ ᠪᠠᠷ᠂ ᠪᠣᠷᠣᠭᠵᠢᠭᠤᠨ ᠴᠠᠶᠢᠯᠭᠠᠨ ᠥᠪᠥᠷ ᠮᠣᠩᠭᠤᠯ ᠤᠨ ᠠᠷᠠᠳ ᠲᠦᠮᠡᠨ ᠲᠠᠯ᠎ᠠ ᠨᠤᠲᠤᠭ ᠰᠢᠭ᠋ ᠢᠶᠠᠨ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠱᠠᠩᠬᠠᠢ ᠵᠡᠷᠭᠡ ᠭᠠᠵᠠᠷ ᠠᠴᠠ ᠢᠷᠡᠭᠰᠡᠨ 3000 ᠭᠠᠷᠤᠢ ᠥᠨᠥᠴᠢᠨ ᠬᠡᠦᠬᠡᠳ ᠢ ᠬᠦᠯᠢᠶᠡᠨ ᠠᠪᠴᠤ ᠡᠨᠡᠷᠢᠨ ᠲᠡᠵᠢᠭᠡᠵᠤ᠂ ᠴᠢᠰᠤᠨ ᠲᠦᠷᠦᠯ᠂ ᠭᠠᠵᠠᠷ ᠣᠷᠣᠨ ᠪᠠ ᠦᠨᠳᠦᠰᠦᠲᠡᠨ ᠤ ᠬᠦᠷᠢᠶ᠎ᠠ ᠴᠠᠷᠠᠭ᠎ᠠ ᠠᠴᠠ ᠳᠠᠪᠠᠭᠰᠠᠨ ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠶᠢᠨ ᠦᠯᠢᠭᠡᠷ᠂ ᠲᠡᠦᠬᠡ ᠶᠢᠨ ᠰᠠᠶᠢᠬᠠᠨ ᠦᠯᠢᠭᠡᠷ ᠢ ᠪᠢᠴᠢᠭᠯᠡᠵᠡᠢ᠃ ᠲᠤᠬᠠᠢ ᠶᠢᠨ ᠦᠶ᠎ᠡ ᠳᠤ 19 ᠨᠠᠰᠤᠲᠠᠢ ᠪᠠᠶᠢᠭᠰᠠᠨ ᠲᠦᠬᠦ᠋ᠢᠮ᠎ᠡ 28 ᠨᠢᠯᠬ᠎ᠠ ᠬᠡᠦᠬᠡᠳ ᠢ ᠥᠰᠬᠡᠨ ᠬᠥᠮᠦᠵᠢᠭᠦᠯᠬᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠠᠭᠠᠰ ᠵᠠᠭᠤᠨ ᠤ ᠴᠢᠩ ᠦᠨᠡᠨᠴᠢ ᠰᠡᠳᠬᠢᠯᠭᠡ ᠪᠠᠷ ᠢᠶᠠᠨ ᠶᠡᠭᠡ ᠬᠠᠶᠢᠷ᠎ᠠ ᠬᠢᠵᠠᠭᠠᠯᠠᠰᠢ ᠦᠭᠡᠢ ᠪᠠᠶᠢᠳᠠᠬ ᠢ ᠲᠠᠶᠢᠯᠪᠤᠷᠢᠯᠠᠵᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃ ᠲᠦᠷᠦᠭᠦᠬᠡᠨ᠂ ᠱᠠᠩᠬᠠᠶ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠠᠴᠠ ᠲᠦᠬᠦ᠋ᠢᠮ᠎ᠡ ᠨᠥᠬᠦᠷ ᠲᠤ ︽ᠱᠠᠩᠬᠠᠶ ᠬᠤᠲᠠ ᠶᠢᠨ ᠨᠡᠷ᠎ᠡ ᠬᠦᠨᠳᠦᠲᠦ ᠬᠤᠲᠠ ᠶᠢᠨ ᠠᠷᠠᠳ︾ ᠭᠡᠬᠦ ᠴᠣᠯᠠ ᠣᠯᠭᠤᠬᠤ ᠪᠠᠷ ᠲᠣᠭᠲᠠᠪᠠ᠃      ᠯᠢ ᠴᠢᠶᠠᠩ ᠲᠦᠬᠦ᠋ᠢᠮ᠎ᠡ ᠨᠠᠰᠤᠲᠠᠨ ᠲᠠᠢ ᠵᠡᠷᠭᠡᠴᠡᠨ ᠰᠠᠭᠤᠵᠤ᠂ ᠳᠣᠲᠣᠨᠣ ᠪᠠᠷ ᠶᠠᠷᠢᠯᠴᠠᠨ᠂ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠨᠠᠰᠤᠲᠠᠨ ᠤ ︽ᠤᠯᠤᠰ ᠤᠨ ᠬᠡᠦᠬᠡᠳ︾ ᠢ ᠠᠰᠠᠷᠠᠨ ᠲᠡᠵᠢᠭᠡᠭᠰᠡᠨ ᠥᠩᠭᠡᠷᠡᠯᠲᠡ ᠶᠢ ᠨᠠᠷᠢᠨ ᠬᠢᠨᠠᠮᠠᠭᠠᠶ ᠰᠣᠨᠣᠰᠴᠤ᠂ ᠱᠠᠩᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠪᠥᠬᠦ ᠬᠤᠲᠠ ᠶᠢᠨ ᠠᠷᠠᠳ ᠲᠦᠮᠡᠨ ᠤ ᠡᠮᠦᠨ᠎ᠡ ᠠᠴᠠ ᠥᠪᠥᠷ ᠮᠣᠩᠭᠤᠯ ᠤᠨ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠲᠦᠬᠦ᠋ᠢᠮ᠎ᠡ ᠨᠠᠰᠤᠲᠠᠨ ᠤ ᠣᠷᠳᠣ ᠨᠠᠰᠤᠯᠠᠵᠤ ᠤᠳᠠᠭᠠᠨ ᠵᠢᠷᠭᠠᠬᠤ ᠶᠢ ᠵᠥᠩᠨᠡᠪᠡ᠃      ᠯᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠠᠨ ᠲᠡᠵᠢᠬᠡᠭᠰᠡᠨ︾ ᠲᠡᠦᠬᠡ ᠶᠢᠨ ᠰᠠᠶᠢᠬᠠᠨ ᠦᠯᠢᠭᠡᠷ ᠢ ᠲᠤᠰᠬᠠᠶᠢᠯᠠᠨ ᠳᠤᠷᠠᠳᠴᠠᠢ᠂ ᠣᠨᠴᠠᠭᠠᠢ ᠴᠠᠭ ᠦᠶ᠎ᠡ ᠳᠤ ᠡᠭᠦᠰᠦᠭᠰᠡᠨ ᠡᠨᠡ ᠬᠦ ᠦᠯᠢᠭᠡᠷ ᠨᠢ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠂ ᠲᠡᠭᠦᠨ ᠳᠤ ᠠᠭᠤᠯᠤᠭᠳᠠᠵᠤ ᠪᠠᠶᠢᠭ᠎ᠠ ᠤᠶᠤᠨ ᠰᠠᠨᠠᠭᠠᠨ ᠤ ᠥᠪ ᠬᠦᠷᠦᠩᠭᠡ ᠨᠢ ᠴᠠᠭ ᠬᠤᠭᠤᠴᠠᠭ᠎ᠠ ᠣᠷᠣᠨ ᠵᠠᠢ ᠶᠢ ᠲᠠᠪᠠᠵᠤ᠂ ᠶᠠᠪᠤᠬᠤ ᠲᠤᠳᠤᠮ ᠰᠢᠨ᠎ᠠ ᠠᠭᠤᠯᠭ᠎ᠠ ᠲᠠᠢ ᠪᠤᠯᠵᠤ ᠦᠡᠭᠭᠡ ᠭᠢᠯᠪᠠᠭ᠎ᠠ ᠲᠠᠢ ᠪᠤᠯᠪᠠ᠂ ᠱᠠᠩᠬᠠᠢ ᠶᠢᠨ ᠠᠷᠠᠳ ᠲᠦᠮᠡᠨ ᠴᠢᠩ ᠰᠡᠳᠬᠢᠯ ᠠᠴᠠ ᠪᠠᠨ ᠲᠠᠯᠠᠷᠬᠠᠵᠤ᠂ ᠦᠨᠢᠳᠠ ᠮᠠᠷᠳᠠᠬᠤ ᠦᠬᠡᠢ ᠶᠤᠮ᠃ ᠲᠦᠬᠦ᠋ᠢᠮ᠎ᠡ ᠨᠠᠰᠤᠲᠠᠨ ᠬᠠᠮᠤᠭ ᠤᠨ ᠰᠠᠶᠢᠬᠠᠨ ᠴᠠᠭ ᠮᠥᠴᠡ᠂ ᠬᠠᠮᠤᠭ ᠤᠨ ᠰᠠᠶᠢᠬᠠᠨ ᠵᠠᠯᠠᠭᠤ ᠽᠠᠨᠲᠠᠨ ᠨᠠᠰᠤ ᠪᠠᠨ ︽ᠤᠯᠤᠰ ᠤᠨ ᠬᠡᠦᠬᠡᠳ︾ ᠲᠤ ᠵᠣᠷᠢᠭᠤᠯᠪᠠ᠂ ᠨᠡᠷ᠎ᠡ ᠨᠢᠳᠡᠷ ᠲᠡᠭᠡᠨ ᠨᠡᠶᠢᠴᠡᠭᠰᠡᠨ ᠲᠠᠯ᠎ᠠ ᠨᠤᠲᠤᠭ ᠤᠨ ᠡᠵᠢ᠂ ᠨᠡᠷ᠎ᠡ ᠨᠢᠳᠡᠷ ᠲᠡᠭᠡᠨ ᠨᠡᠶᠢᠴᠡᠭᠰᠡᠨ ᠠᠷᠠᠳ ᠤᠨ ᠵᠢᠱᠢᠶᠡᠴᠢ ᠮᠦᠨ᠂ ᠪᠠᠰᠠ ᠴᠤ ᠱᠠᠩᠬᠠᠶ ᠶᠢᠨ ᠠᠷᠠᠳ ᠲᠦᠮᠡᠨ ᠤ ᠬᠠᠮᠤᠭ ᠤᠨ ᠳᠣᠲᠣᠨᠣ ᠬᠡᠷ ᠤᠨ ᠬᠦᠮᠦᠨ᠂ ᠬᠠᠮᠤᠭ ᠤᠨ ᠬᠦᠨᠳᠦᠳᠭᠡᠯᠲᠡᠢ ᠡᠵᠢ ᠮᠥᠨ᠃ ᠬᠠᠶᠢᠷ᠎ᠠ ᠬᠠᠯᠠᠮᠵᠢ ᠪᠠ ᠦᠭᠭᠢᠶᠡᠮᠦᠷᠴᠢ ᠰᠠᠶᠢᠬᠠᠨ ᠦᠢᠯᠡ ᠠᠵᠢᠯᠯᠠᠭ᠎ᠠ ᠨᠢ ᠬᠦᠮᠤᠨ ᠢ ᠪᠠᠶᠠᠰᠬᠠᠵᠤ᠂ ᠬᠥᠮᠦᠨ ᠢ ᠡᠷᠡᠬᠦᠯᠵᠢᠬᠦᠯᠤᠨ᠎ᠠ᠂ ᠲᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠴᠤᠭ ᠰᠦᠯᠲᠡ ᠪᠠᠲᠠᠷᠠᠩᠭᠤᠢ ᠪᠠᠶᠢᠬᠤ ᠶᠢ ᠦᠵᠡᠭᠡᠳ᠂ ᠪᠢᠳᠡ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠂ ᠲᠠᠨ ᠤ ᠱᠠᠩᠬᠠᠢ ᠳᠤ ᠲᠣᠭᠤᠷᠢᠨ ᠦᠵᠡᠬᠦ ᠪᠠᠷ ᠬᠦᠷᠬᠦ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠠ ᠡᠨᠡ ᠬᠦ ᠲᠡᠦᠬᠡ ᠶᠢᠨ ᠰᠠᠶᠢᠬᠠᠨ ᠦᠯᠢᠭᠡᠷ ᠢ ᠡᠬᠦᠷᠢᠳᠡ ᠤᠯᠠᠮᠵᠢᠯᠠᠵᠤ᠂ ᠨᠡᠩ ᠤᠯᠠᠨ ᠬᠥᠮᠦᠰ ᠲᠤ ᠦᠭᠭᠢᠶᠡᠮᠦᠷᠴᠢ ᠰᠠᠶᠢᠬᠠᠨ ᠦᠢᠯᠡ ᠠᠵᠢᠯᠯᠠᠭ᠎ᠠ ᠶᠢ ᠴᠢᠨᠢ ᠰᠤᠷᠤᠯᠴᠠᠭᠤᠯᠵᠤ᠂ ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠶᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠰᠠᠬᠢᠨ ᠬᠠᠮᠠᠭᠠᠯᠠᠭᠤᠯᠤᠨ᠎ᠠ ᠬᠡᠵᠤ ᠴᠢᠬᠤᠯᠠᠴᠢᠯᠠᠪᠠ᠃      ᠱᠠᠩᠬᠠᠶ ᠶᠢᠨ ᠲᠥᠷᠥᠯ ᠰᠠᠳᠤᠨ ᠭᠡᠷ ᠲᠤᠨᠢ ᠬᠦᠷᠴᠤ ᠢᠷᠡᠭᠰᠡᠨ ᠳᠤ᠂ ᠲᠦᠬᠦ᠋ᠢᠮ᠎ᠡ ᠨᠠᠰᠤᠲᠠᠨ ᠪᠠᠶᠠᠷᠯᠠᠬᠰᠠᠨ ᠰᠡᠳᠬᠢᠯ ᠢᠶᠠᠨ ᠳᠠᠷᠤᠵᠤ ᠶᠠᠳᠠᠨ᠎ᠠ᠃ ᠲᠡᠷᠡ᠂ ᠥᠨᠥᠳᠦᠷ ︽ᠱᠠᠩᠬᠠᠶ ᠬᠤᠲᠠ ᠶᠢᠨ ᠨᠡᠷ᠎ᠠ ᠬᠦᠨᠳᠦᠳᠦ ᠬᠤᠲᠠ ᠶᠢᠨ ᠠᠷᠠᠳ︾ ᠤᠨ ᠴᠣᠯᠠ ᠭᠥᠷᠳᠡᠭᠰᠡᠨ ᠳᠡᠭᠡᠨ ᠮᠠᠰᠢ ᠪᠠᠶᠠᠷᠯᠠᠵᠤ᠂ ᠮᠠᠰᠢ ᠵᠣᠷᠢᠭᠵᠢᠵᠤ ᠪᠠᠶᠢᠨ᠎ᠠ᠃ ᠪᠢ ᠵᠥᠪᠬᠡᠨ ᠬᠢᠪᠡᠰᠦ ᠵᠣᠬᠢᠬᠤ ᠠᠵᠢᠯ ᠢᠶᠠᠨ ᠬᠢᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠳᠤ ᠨᠢᠭᠡ ᠬᠤᠪᠢ ᠬᠦᠴᠤ ᠪᠠᠨ ᠡᠷᠬᠦᠭᠰᠡᠨ ᠲᠡᠳᠦᠢ ᠪᠠᠶᠢᠬᠤ ᠳᠤ ᠡᠯ᠎ᠠ ᠲᠠᠯ᠎ᠠ ᠶᠢᠨ ᠬᠠᠯᠠᠮᠵᠢᠯᠠᠯ ᠬᠠᠷᠠᠭᠠᠯᠵᠠᠯ ᠢ ᠲᠠᠰᠤᠷᠠᠯᠳᠠ ᠦᠬᠡᠢ ᠬᠦᠷᠳᠡᠪᠡ᠃ ᠥᠪᠡᠷ ᠤᠨ ᠥᠰᠬᠡᠨ ᠪᠤᠶᠢᠵᠢᠭᠤᠯᠤᠭᠰᠠᠨ 28 ᠥᠨᠥᠴᠢᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠵᠤ᠂ ᠡᠷᠦᠭᠡ ᠪᠤᠰᠬᠠᠨ ᠦᠢᠯᠡᠰ ᠪᠦᠳᠦᠭᠡᠵᠦ ᠨᠡᠶᠢᠭᠡᠮ ᠳᠤ ᠠᠴᠢ ᠬᠠᠷᠢᠭᠤᠯᠵᠤ ᠶᠠᠪᠤᠬᠤ ᠶᠢ ᠤᠯᠵᠤ ᠬᠠᠷᠠᠬᠤ ᠪᠤᠯ ᠬᠠᠮᠤᠭ ᠤᠨ ᠶᠡᠭᠡ ᠵᠣᠯ ᠵᠢᠷᠭᠠᠯ ᠪᠤᠯᠤᠨ᠎ᠠ᠂ ᠱᠠᠩᠬᠠᠶ ᠥᠪᠥᠷ ᠮᠣᠩᠭᠤᠯ ᠤᠨ ᠠᠷᠠᠳ ᠲᠦᠮᠡᠨ ᠤ ᠨᠥᠬᠦᠷᠯᠡᠯ ᠦᠨᠢ ᠮᠥᠩᠬᠡ ᠪᠠᠶᠢᠬᠤ ᠶᠢ ᠵᠥᠩᠨᠡᠵᠤ ᠪᠠᠶᠢᠨ᠎ᠠ ᠬᠡᠵᠤ ᠢᠯᠡᠳᠬᠡᠪᠡ᠃      ᠳᠠᠷᠠᠭ᠎ᠠ ᠨᠢ᠂ ᠲᠥᠯᠥᠭᠡᠯᠡᠭᠴᠢᠳ ᠤᠨ ᠪᠦᠯᠬᠦᠮ ᠤᠨ ᠬᠢᠨ ᠪᠠᠰᠠ ᠲᠧᠯᠸᠢᠰ ᠵᠦᠴᠦᠭᠡ ︽ᠤᠯᠤᠰ ᠤᠨ ᠬᠡᠦᠬᠡᠳ︾ ᠢ ᠰᠡᠭᠦᠳᠡᠷᠯᠡᠬᠦ ᠭᠠᠵᠠᠷ ᠲᠤ ᠲᠤᠰᠬᠠᠶᠢᠯᠠᠨ ᠬᠦᠷᠴᠦ᠂ ᠵᠦᠴᠦᠭᠡ ᠶᠢᠨ ᠳᠤᠭᠤᠶᠢᠯᠠᠩ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠡᠳᠡᠨ ᠢ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠥᠯᠢᠭᠡᠷ ᠤᠨ ᠠᠭᠤᠯᠤᠭᠳᠠᠬᠤᠨ ᠢ ᠤᠯᠠᠮ ᠴᠢᠨᠠᠭᠰᠢᠳᠠ ᠠᠭᠤᠳᠠᠯᠵᠤ᠂ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠰᠢᠯᠢᠳᠡᠭ ᠪᠦᠲᠦᠭᠡᠯ ᠢᠶᠠᠷ ᠬᠥᠮᠦᠨ ᠢ ᠬᠥᠮᠦᠵᠢᠭᠦᠯᠵᠦ᠂ ᠬᠥᠮᠦᠨ ᠢ ᠤᠷᠮᠠᠰᠢᠭᠤᠯᠤᠭᠠᠷᠠᠢ ᠭᠡᠵᠦ ᠵᠣᠷᠢᠭᠵᠢᠭᠤᠯᠪᠠ᠃      ᠡᠨᠡ ᠬᠤᠭᠤᠴᠠᠭᠠᠨ ᠳᠤ᠂ ᠱᠠᠩᠬᠠᠶ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢᠯᠢ ᠪᠦᠯᠦᠭᠯᠡᠯ ᠤᠨ ᠰᠢᠩᠭᠡᠨ ᠲᠦᠯᠦᠪᠳᠤ ᠰᠦ ᠦᠢᠯᠡᠳᠪᠦᠷᠢᠯᠡᠬᠦ ᠰᠠᠭᠤᠷᠢᠨ ᠳᠤ ᠬᠦᠷᠴᠦ᠂ ᠦᠢᠯᠡᠳᠪᠦᠷᠢᠯᠡᠯ ᠤᠨ ᠲᠠᠰᠤᠭ᠂ ᠦᠢᠯᠡᠳᠭᠦᠨ ᠤ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠢᠯᠢ ᠪᠦᠯᠦᠭᠯᠡᠯ ᠤᠨ ᠬᠥᠭᠵᠢᠨ ᠪᠤᠵᠠᠭᠠᠶᠢᠷᠠᠵᠤ ᠢᠷᠡᠭᠰᠡᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠦᠢᠯᠡᠳᠭᠦᠨ ᠤ ᠪᠦᠲᠦᠴᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠳᠤ᠂ ᠲᠥᠯᠥᠭᠡᠯᠡᠭᠴᠢᠳ ᠤᠨ ᠪᠦᠯᠬᠦᠮ ᠤᠨ ᠬᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠬᠥᠭᠵᠢᠯᠲᠡ᠂ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠶ ᠰᠢᠨᠵᠢᠯᠡᠨ ᠪᠠᠶᠢᠴᠠᠭᠠᠵᠤ᠂ ᠠᠰᠠᠷᠠᠮᠵᠢ ᠶᠢᠨ ᠬᠦᠷᠢᠶᠡᠯᠡᠩ ᠤᠨ ᠣᠨᠴᠠᠭᠠᠶ ᠲᠣᠬᠢᠷᠠᠭᠤᠯᠤᠭᠰᠠᠨ         ︽ᠳᠠᠭᠤᠷᠢᠶᠠᠮᠠᠯ ᠬᠡᠷ ᠪᠦᠯᠢ︾᠂ ᠰᠡᠳᠬᠢᠴᠡ ᠶᠢᠨ ᠵᠢᠯᠣᠭᠤᠳᠣᠯᠭ᠎ᠠ ᠶᠢᠨ ᠠᠵᠢᠯ ᠤᠨ ᠲᠠᠰᠤᠭ ᠵᠡᠷᠭᠡ ᠶᠢ ᠲᠣᠭᠤᠷᠢᠨ ᠦᠵᠡᠭᠰᠡᠨ ᠪᠥᠭᠡᠳ ᠬᠡᠦᠬᠡᠳ ᠤᠳ ᠲᠤ ᠪᠠᠶᠠᠷ ᠤᠨ ᠡᠳᠦᠷ ᠤᠨ ᠪᠡᠯᠡᠭ ᠬᠦᠷᠭᠡᠵᠦ᠂ ᠲᠡᠳᠡᠨ ᠲᠠᠢ ᠬᠠᠮᠲᠤ ᠪᠠᠷ ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠢ ᠪᠡᠯᠭᠡᠯᠡᠪᠡ᠃      ᠱᠠᠩᠬᠠᠢ ᠬᠤᠳᠠ ᠶᠢᠨ ᠤᠳᠤᠷᠢᠳᠤᠯᠭ᠎ᠠ ᠵᠦ ᠭᠧ ᠢᠦᠢ ᠵᠢᠶᠧ᠂ ᠫᠧᠩ ᠴᠧᠨ ᠯᠸᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠸᠠᠩ ᠯᠢ ᠰᠢᠶᠠ᠂ ᠵᠠᠩ ᠱᠤᠤ ᠴᠦᠨ᠂ ᠴᠢ᠊ ᠪᠠᠲᠤ ᠠᠵᠢᠯᠯᠠᠭ᠎ᠠ ᠳᠤ ᠣᠷᠣᠯᠴᠠᠵᠠᠢ᠃  
        ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ