内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠨᠠᠢᠮᠠᠨ ᠮᠤᠵᠢ ᠣᠷᠣᠨ ᠤ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠶ ᠮᠡᠷᠭᠡᠵᠢᠯ ᠤᠷ᠎ᠠ ᠴᠢᠳᠠᠪᠤᠷᠢ ᠶᠢᠨ ᠤᠷᠤᠯᠳᠤᠭᠠᠨ ᠣᠷᠳᠣᠰ ᠬᠤᠲᠠ ᠳᠤ ᠶᠠᠪᠤᠭᠳᠠᠪᠠ
        ᠨᠡᠶᠢᠲᠡᠯᠡᠭᠰᠡᠨ ᠴᠠᠭ᠄
        2021/6/4
             ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠮᠲᠤᠷᠠᠨ ᠡᠷᠭᠢᠯᠡᠭᠰᠡᠨ ᠨᠠᠢᠮᠠᠨ ᠮᠤᠵᠢ ᠣᠷᠣᠨ ᠤ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠶ ᠮᠡᠷᠭᠡᠵᠢᠯ ᠤᠷ᠎ᠠ ᠴᠢᠳᠠᠪᠤᠷᠢ ᠶᠢᠨ ᠤᠷᠤᠯᠳᠤᠭᠠᠨ 5 ᠳ᠋ᠤᠭᠠᠷ ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ᠃      ᠲᠤᠰ ᠤᠳᠠᠭᠠᠨ ᠤ ᠤᠷᠤᠯᠳᠤᠭᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠬᠤ ᠶᠢᠨ ᠲᠣᠭᠤᠷᠢᠨ ᠳᠤ ᠨᠠᠢᠮᠠᠨ ᠮᠤᠵᠢ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠬᠠᠮᠵᠢᠯᠴᠠᠬᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠤᠰᠬᠠᠶ ᠮᠡᠷᠭᠡᠵᠢᠯ ᠤᠷ᠎ᠠ ᠴᠢᠳᠠᠪᠤᠷᠢ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠠᠬᠢᠭᠤᠯᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠶᠣᠰᠣ ᠮᠣᠷᠠᠯ ᠡᠷᠬᠢᠮ ᠳᠡᠭᠡᠳᠦ ᠦᠨᠳᠦᠰᠦᠲᠡᠨ ᠤ ᠪᠠᠭᠰᠢ ᠶᠢᠨ ᠡᠩᠨᠡᠭᠡ ᠶᠢ ᠬᠦᠮᠦᠵᠢᠭᠦᠯᠬᠦ ᠪᠠᠷ ᠵᠣᠷᠢᠯᠲᠠ ᠪᠣᠯᠭᠠᠵᠠᠢ᠃      ᠤᠷᠤᠯᠳᠤᠭᠠᠨ ᠳᠤ᠂ ᠪᠠᠭᠰᠢ ᠨᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠤᠪᠢᠰᠬᠠᠯ ᠤᠨ ᠳᠠᠭᠤᠤ ᠶᠢ ᠳᠠᠭᠤᠯᠠᠬᠤ᠂ ᠬᠤᠪᠢᠰᠬᠠᠯ ᠤᠨ ᠦᠯᠢᠭᠡᠷ ᠢ ᠶᠠᠷᠢᠬᠤ᠂ ᠲᠤᠬᠠᠢ ᠶᠢᠨ ᠲᠠᠯᠠᠪᠠᠢ ᠳᠤ ᠬᠢᠴᠢᠶᠡᠯ ᠵᠢᠭᠠᠬᠤ ᠵᠡᠷᠭᠡ ᠶᠢ ᠥᠷᠨᠢᠭᠦᠯᠵᠦ᠂ ᠬᠤᠪᠢ ᠬᠥᠮᠦᠨ ᠤ ᠰᠢᠯᠢᠳᠡᠭ ᠴᠢᠳᠠᠪᠤᠷᠢ ᠬᠡᠪ ᠪᠣᠯᠪᠠᠰᠤᠷᠠᠯ ᠢᠶᠠᠨ ᠭᠦᠢᠴᠡᠳ ᠢᠯᠡᠷᠡᠭᠦᠯᠦᠨ᠂ ᠤᠷᠤᠯᠳᠤᠭᠠᠨ ᠤ ᠰᠠᠶᠢᠨ ᠰᠠᠶᠢᠬᠠᠨ ᠳᠥᠷᠢ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠴᠤᠭ ᠵᠢᠪᠬᠤᠭ᠎ᠠ ᠪᠣᠯᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠯᠡᠷᠡᠭᠦᠯᠵᠡᠢ᠃ ᠲᠤᠰ ᠤᠳᠠᠭᠠᠨ ᠤ ᠠᠵᠢᠯᠯᠠᠭ᠎ᠠ ᠨᠢ ᠨᠠᠢᠮᠠᠨ ᠮᠤᠵᠢ ᠣᠷᠣᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠤ ᠳᠠᠪᠲᠠᠨ ᠪᠣᠯᠪᠠᠰᠤᠷᠠᠬᠤ᠂ ᠣᠶᠢᠯᠠᠭᠠᠯᠲᠠ ᠲᠥᠷᠥᠭᠳᠡᠯ ᠢᠶᠠᠨ ᠰᠣᠯᠢᠯᠴᠠᠬᠤ᠂ ᠬᠠᠷᠢᠯᠴᠠᠨ ᠰᠤᠷᠤᠯᠴᠠᠨ ᠲᠣᠯᠢᠳᠠᠬᠤ᠂ ᠲᠤᠷᠰᠢᠯᠭ᠎ᠠ ᠬᠤᠷᠠᠮᠳᠤᠭᠤᠯᠬᠤ ᠠᠵᠠ ᠲᠣᠬᠢᠶᠠᠯ ᠪᠠ ᠲᠠᠪᠴᠠᠩ ᠬᠠᠩᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠭᠢᠷᠢᠨ ᠮᠤᠵᠢ᠂ ᠭᠠᠨᠰᠦ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 47 ᠪᠠᠭᠰᠢ ᠤᠷᠤᠯᠳᠤᠭᠠᠨ ᠳᠤ ᠣᠷᠣᠯᠴᠠᠵᠠᠶ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ