内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠬᠤᠷᠠᠯᠳᠤᠪᠠ  ᠰᠢᠤᠢ ᠯᠧ ᠵᠢᠶᠠᠩ  ᠪᠦ᠋ ᠰᠢᠶᠤᠤ ᠯᠢᠨ ᠣᠷᠣᠯᠴᠠᠪᠠ
        ᠨᠡᠶᠢᠲᠡᠯᠡᠭᠰᠡᠨ ᠴᠠᠭ᠄
        2021/6/7
              6 ᠰᠠᠷ᠎ᠠ ᠶᠢᠨ 5 ᠤ ᠡᠳᠦᠷ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠲᠤ ᠪᠠᠷ ᠡᠷᠬᠢᠯᠡᠭᠰᠡᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠬᠤᠷᠠᠯᠳᠤᠪᠠ᠃
        0607全国工商联助推内蒙古高质量发展招商引资推介会在北京召开 徐乐江布小林出席.jpg
              ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠤᠢ ᠯᠧ ᠵᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠵᠠᠢ᠃ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ ᠵᠤᠤ ᠴᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠲᠤᠰ ᠪᠠᠶᠠᠷ ᠤᠨ ᠦᠭᠡ ᠬᠡᠯᠡᠵᠡᠢ᠃ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠴᠢᠦ ᠰᠢᠶᠤᠤ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠬᠤᠷᠠᠯ ᠳᠤ ᠣᠷᠣᠯᠴᠠᠵᠠᠢ᠃      ᠯᠢ ᠵᠣᠣ ᠴᠢᠶᠠᠨ᠂ ᠡᠯ᠎ᠡ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨ ᠠᠵᠤ ᠠᠬᠤᠶᠢᠯᠠᠯ ᠤᠨ ᠥᠪᠥᠷ ᠮᠣᠩᠭᠤᠯ ᠢ ᠣᠶᠢᠯᠠᠭᠠᠬᠤ᠂ ᠥᠪᠥᠷ ᠮᠣᠩᠭᠤᠯ ᠳᠤ ᠨᠤᠳᠤᠬᠰᠢᠬᠤ᠂ ᠥᠪᠥᠷ ᠮᠣᠩᠭᠤᠯ ᠢ ᠬᠥᠭᠵᠢᠭᠦᠯᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠷᠬᠦᠯᠵᠢᠯᠡᠨ ᠪᠠᠳᠠᠷᠠᠭᠤᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠪᠠᠯᠠ ᠣᠷᠣᠭᠤᠯᠤᠨ ᠦᠢᠯᠡᠰ ᠪᠤᠰᠬᠠᠬᠤ ᠳᠤ ᠦᠨᠡᠨ ᠬᠦ ᠰᠠᠶᠢᠲᠤᠷ ᠦᠢᠯᠡᠴᠢᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠣᠷᠣᠨ ᠪᠦᠰᠡ ᠶᠢᠨ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠥᠬᠦ ᠤᠯᠤᠰ ᠤᠨ ᠡᠯ᠎ᠡ ᠭᠠᠵᠠᠷ ᠤᠨ ᠠᠵᠤ ᠠᠬᠤᠶᠢᠯᠠᠯᠲᠠᠳ ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠪᠤᠰᠬᠠᠵᠤ᠂ ᠥᠪᠥᠷ ᠮᠣᠩᠭᠤᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠠᠯᠠᠭᠤᠨ ᠢᠶᠠᠷ ᠤᠭᠲᠤᠪᠠ᠃ ᠲᠡᠷᠡ᠂ ᠪᠢᠳᠠ ᠴᠢᠩ ᠰᠡᠳᠬᠢᠯ ᠢᠶᠠᠷ ᠠᠷᠠᠯᠵᠢᠶᠠᠴᠢᠨ ᠤᠷᠢᠬᠤ᠂ ᠦᠨᠡᠨᠴᠢ ᠰᠡᠳᠬᠢᠯ ᠢᠶᠠᠷ ᠦᠢᠯᠡᠴᠢᠯᠡᠭᠡ ᠬᠠᠩᠭᠠᠬᠤ᠂ ᠪᠦᠬᠦ ᠰᠡᠳᠬᠢᠯ ᠢᠶᠠᠷ ᠪᠠᠳᠤᠯᠠᠬᠤ ᠪᠤᠳᠠᠳᠠᠢ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠨᠡᠩ ᠤᠯᠠᠨ ᠠᠵᠤ ᠠᠬᠤᠶᠢᠯᠠᠯᠲᠠᠨ ᠢ ᠥᠪᠥᠷ ᠮᠣᠩᠭᠤᠯ ᠳᠤ ᠢᠷᠡᠬᠦᠯᠵᠤ᠂ ᠥᠪᠥᠷ ᠮᠣᠩᠭᠤᠯ ᠲᠠᠢ ᠭᠠᠷ ᠬᠤᠯᠪᠣᠵᠤ᠂ ᠥᠪᠥᠷ ᠮᠣᠩᠭᠤᠯ ᠳᠤ ᠦᠨᠳᠦᠰᠦᠯᠡᠭᠦᠯᠦᠨ᠎ᠡ ᠭᠡᠵᠦ ᠢᠯᠡᠳᠬᠡᠪᠡ᠃      ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠣᠷᠴᠢᠨ ᠨᠦᠬᠦᠴᠡᠯ ᠬᠢᠭᠡᠳ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠶᠢ ᠲᠠᠨᠢᠯᠴᠠᠭᠤᠯᠵᠤ᠂ ᠮᠠᠨ ᠤ ᠣᠷᠣᠨ ᠤ 12 ᠠᠶᠢᠮᠠᠭ ᠬᠤᠲᠠ ᠲᠣᠰ ᠲᠣᠰ ᠭᠤᠤᠯᠳᠠᠯᠭ᠎ᠠ ᠲᠠᠢ ᠲᠥᠷᠥᠯ ᠵᠦᠢᠯ ᠢᠶᠠᠨ ᠲᠠᠨᠢᠯᠴᠠᠭᠤᠯᠪᠠ᠂ ᠲᠠᠨᠢᠯᠴᠠᠭᠤᠯᠤᠬᠰᠠᠨ ᠲᠥᠷᠥᠯ ᠵᠦᠢᠯ ᠳᠤ ᠣᠲᠣ ᠦᠶ᠎ᠡ ᠶᠢᠨ ᠡᠨᠧᠷᠭᠢ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠳᠡᠭᠡᠳᠦ ᠲᠠᠰ ᠤᠨ ᠵᠡᠪᠰᠡᠭ ᠲᠣᠨᠣᠭᠯᠡᠯ ᠦᠢᠯᠡᠳᠬᠦ᠂ ᠲᠣᠭᠠᠴᠢᠯᠠᠭᠰᠠᠨ ᠠᠵᠤ ᠠᠬᠤᠶ᠂ ᠠᠮᠢᠳᠤ ᠪᠣᠳᠠᠰ ᠤᠨ ᠡᠮ ᠦᠢᠯᠡᠳᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡ᠂ ᠰᠤᠶᠤᠯ ᠵᠢᠭᠤᠯᠴᠢᠯᠠᠯ᠂ ᠭᠠᠳᠠᠭᠠᠳᠤ ᠨᠡᠭᠡᠭᠡᠯᠲᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠶ᠃      ᠲᠠᠨᠢᠯᠴᠠᠭᠤᠯᠭ᠎ᠠ ᠶᠢᠨ ᠬᠤᠷᠠᠯ ᠠᠴᠠ ᠡᠮᠦᠨ᠎ᠡ᠂ ᠰᠢᠤᠢ ᠯᠧ ᠵᠢᠶᠠᠩ ᠪᠤᠯᠤᠨ ᠪᠦ᠋ ᠰᠢᠶᠣᠤ ᠯᠢᠨ ᠬᠡᠯᠡᠯᠴᠡᠭᠡ ᠬᠢᠪᠡ᠃      ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠬᠤᠷᠠᠯᠳᠤᠭᠤᠯᠵᠤ᠂ ᠲᠤᠰ ᠲᠤᠰ ᠲᠢᠶᠠᠨᠵᠢᠨ᠂ ᠾᠧᠪᠸᠢ᠂ ᠱᠠᠨ ᠰᠢ ᠵᠡᠷᠭᠡ 19 ᠮᠤᠵᠢ ᠶᠢᠨ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠭᠤᠳ ᠬᠠᠷᠢᠶ᠎ᠠ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ ᠪᠠᠰᠠ ᠦᠭᠡ ᠬᠡᠯᠡᠪᠡ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ