内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2021/6/7
              6 ᠳ᠋ᠤᠭᠠᠷ ᠰᠠᠷ᠎ᠠ ᠶᠢᠨ 2 ᠤᠨ ᠡᠳᠦᠷ᠂ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠭᠠᠩ ᠬᠠᠭᠰᠠᠷᠠᠭᠠᠨ ᠤᠰᠤᠲᠤᠯ ᠤᠨ ᠭᠠᠮᠰᠢᠭ ᠤᠨ ᠪᠠᠶᠢᠳᠠᠯ ᠢ ᠵᠠᠳᠠᠯᠤᠨ᠂ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠭᠢᠯᠡᠪᠡ᠃      ᠬᠤᠷᠠᠯ ᠳᠤ ᠵᠢᠭᠠᠨ ᠭᠠᠷᠭᠠᠬᠤ ᠳᠤ ᠪᠠᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠨᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ  ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠨᠵᠡᠭᠡᠶ ᠲᠠᠨᠢᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠠᠵᠢᠯᠯᠠᠭ᠎ᠠ ᠶᠢᠨ ᠲᠠᠯ᠎ᠠ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠶᠯ ᠤᠨ ᠪᠡᠯᠡᠳᠬᠡᠯ ᠤᠳ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠯ᠎ᠡ᠃      ᠬᠤᠷᠠᠯ ᠳᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠠᠪᠤᠷᠠᠨ ᠲᠤᠰᠠᠯᠠᠬᠤ ᠬᠦᠴᠦᠨ ᠤ ᠪᠡᠯᠡᠳᠬᠡᠯ ᠢ ᠦᠨᠡᠨ ᠬᠦ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ  ᠲᠠᠢ ᠬᠡᠰᠡᠭ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠠᠮᠰᠢᠭ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠳᠤ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠶ᠃ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ ᠳᠠᠶᠢᠯᠠᠯᠳᠤᠭᠠᠨ᠂ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠡᠢ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ