内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠬᠠᠮᠲᠤᠷᠠᠯᠴᠠᠭ᠎ᠠ ᠵᠦᠪᠳᠡᠯᠴᠡᠬᠡᠨ ᠤ ᠵᠥᠪᠯᠡᠨ ᠲᠣᠭᠲᠠᠭᠰᠠᠨ ᠪᠢᠴᠢᠭ ᠲᠤ ᠭᠠᠷ ᠤᠨ ᠥᠰᠥᠭ ᠵᠢᠷᠤᠪᠠ  ᠪᠦ᠋ ᠰᠢᠶᠤᠤ ᠯᠢᠨ  ᠱᠧᠨ ᠴᠠᠩ ᠢᠦᠢ ᠬᠤᠶᠠᠷ ᠲᠠᠯ᠎ᠠ ᠶᠢᠨ ᠬᠢᠨ ᠢᠶᠠᠨ ᠲᠥᠯᠥᠭᠡᠯᠡᠵᠦ ᠭᠠᠷ ᠤᠨ ᠦᠰᠦᠭ ᠵᠢᠷᠤᠵᠠᠢ
        ᠨᠡᠶᠢᠲᠡᠯᠡᠭᠰᠡᠨ ᠴᠠᠭ᠄
        2021/6/8
              6 ᠰᠠᠷ᠎ᠠ ᠶᠢᠨ 7 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠠᠮᠲᠤᠷᠠᠯᠴᠠᠭ᠎ᠠ ᠵᠥᠪᠳᠡᠯᠴᠡᠭᠡᠨ ᠤ ᠵᠦᠪᠯᠡᠨ ᠲᠣᠭᠲᠠᠬᠰᠠᠨ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠵᠢᠴᠢ ᠠᠩᠬᠠᠳᠤᠭᠠᠷ ᠤᠳᠠᠭᠠᠨ ᠤ ᠵᠥᠪᠳᠡᠯᠴᠡᠭᠡᠨ ᠤ ᠬᠤᠷᠠᠯ ᠬᠥᠬᠡᠬᠤᠲᠠ ᠳᠤ ᠬᠤᠷᠠᠯᠳᠤᠪᠠ᠃
        0608自治区政府与国家知识产权局签署合作会商议定书 布小林申长雨代表双方签约.jpg
              ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠪᠤᠯᠤᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠧᠨ ᠴᠠᠩ ᠢᠦᠶ ᠬᠤᠶᠠᠷ ᠲᠠᠯ᠎ᠠ ᠶᠢᠨ ᠬᠢᠨ ᠢᠶᠠᠨ ᠲᠥᠯᠥᠭᠡᠯᠡᠵᠦ ︽ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠬᠠᠮᠲᠤᠷᠠᠯᠴᠠᠭ᠎ᠠ ᠵᠦᠪᠳᠡᠯᠴᠡᠬᠡᠨ ᠤ ᠵᠥᠪᠯᠡᠨ ᠲᠣᠭᠲᠠᠭᠰᠠᠨ ᠪᠢᠴᠢᠭ︾ ᠲᠤ ᠭᠠᠷ ᠤᠨ ᠥᠰᠥᠭ ᠵᠢᠷᠤᠪᠠ᠃ ᠵᠥᠪᠯᠡᠨ ᠲᠤᠬᠳᠠᠬᠰᠠᠨ ᠪᠢᠴᠢᠭ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠮᠡᠳᠡᠯᠭᠡ ᠶᠢᠨ ᠥᠮᠴᠢᠯᠠᠯ ᠤᠨ ᠡᠷᠬᠡ ᠶᠢᠨ ᠲᠤᠯᠭᠠᠭᠤᠷᠢᠯᠠᠬᠤ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠴᠢᠩᠭᠠᠳᠬᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠠᠬᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠬᠠᠮᠲᠤᠷᠠᠯᠴᠠᠨ᠎ᠠ᠂ ᠡᠨᠡ ᠨᠢ ᠦᠪᠦᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠥᠨᠳᠥᠷ ᠪᠠᠷᠢᠮᠵᠢᠶᠠᠲᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠳᠤ ᠴᠢᠬᠤᠯᠠ ᠦᠢᠯᠡᠳᠦᠯ ᠦᠵᠡᠭᠦᠯᠬᠦ ᠨᠢ ᠯᠠᠪᠲᠠᠶ ᠶᠤᠮ᠃ ᠬᠤᠶᠠᠷ ᠲᠠᠯ᠎ᠠ ᠪᠠᠷ ᠢᠶᠠᠨ ᠵᠥᠪᠳᠡᠯᠴᠡᠬᠦ ᠠᠵᠢᠯ ᠤᠨ ᠲᠣᠭᠲᠡᠴᠡ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠴᠢᠬᠤᠯᠠ ᠶᠡᠭᠡ ᠠᠰᠠᠭᠤᠳᠠᠯ ᠢ ᠵᠥᠪᠳᠡᠯᠴᠡᠨ ᠰᠢᠢᠳᠪᠦᠷᠢᠯᠡᠵᠦ᠂ ᠶᠠᠮᠤᠨ ᠣᠷᠣᠨ ᠤ ᠵᠥᠪᠯᠡᠨ ᠲᠣᠭᠲᠠᠬᠰᠠᠨ ᠵᠦᠢᠯᠡᠰ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠤᠯᠤᠨ᠎ᠠ᠃      ᠱᠧᠨ ᠴᠠᠩ ᠢᠦᠶ ᠶᠠᠷᠢᠶᠠᠨ ᠳᠠᠭᠠᠨ ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ ᠬᠤᠶᠠᠷ ᠲᠠᠯ᠎ᠠ ᠪᠠᠷ ᠢᠶᠠᠨ ᠬᠠᠮᠲᠤᠷᠠᠯᠴᠠᠵᠤ ᠵᠥᠪᠳᠡᠯᠴᠡᠬᠦ ᠪᠠᠷ ᠳᠠᠮᠵᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠪᠣᠯᠤᠨ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢ ᠬᠠᠮᠲᠤ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠪᠣᠬᠢᠷᠲᠤᠯ ᠥᠬᠡᠶ ᠬᠦᠭᠵᠢᠯᠳᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠠᠬᠢᠭᠤᠯᠵᠤ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠴᠣᠭᠴᠠᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠶᠢ ᠬᠦᠰᠡᠪᠠ᠃ ᠲᠣᠰ ᠤᠳᠠᠭᠠᠨ ᠤ ᠬᠠᠮᠲᠤᠷᠠᠯᠴᠠᠭ᠎ᠠ ᠵᠦᠪᠳᠡᠯᠴᠡᠭᠡ ᠨᠢ ᠥᠪᠦᠷ ᠮᠤᠩᠭᠤᠯ ᠳᠤ ᠲᠤᠬᠢᠷᠠᠭᠤᠯᠤᠨ ᠥᠪᠥᠷ ᠮᠣᠩᠭᠤᠯ ᠤᠨ ᠣᠨᠴᠠᠯᠢᠭ ᠲᠠᠢ ᠨᠢᠭᠡ ᠪᠦᠯᠦᠭ ᠬᠠᠮᠲᠤᠷᠠᠯᠴᠠᠭᠠᠨ ᠤ ᠲᠥᠷᠥᠯ ᠵᠦᠢᠯ ᠢ ᠵᠥᠪᠳᠡᠯᠴᠡᠨ ᠲᠣᠭᠲᠠᠵᠤ᠂ ᠬᠤᠶᠠᠷ ᠲᠠᠯ᠎ᠠ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠥᠪᠡᠷᠮᠢᠴᠡ ᠰᠢᠨ᠎ᠡ ᠳᠠᠪᠠᠭᠤᠯᠢᠭ ᠢ ᠴᠢᠷᠮᠠᠶᠢᠨ ᠪᠦᠷᠢᠯᠳᠦᠭᠦᠯᠬᠦ ᠶᠢ ᠬᠦᠰᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠡᠬᠢ ᠪᠠᠶᠠᠯᠢᠭ᠂ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢ ᠥᠪᠥᠷ ᠮᠣᠩᠭᠤᠯ ᠳᠠᠶᠢᠰᠢ ᠬᠡᠯᠪᠠᠶᠢᠯᠭᠡᠬᠦ ᠶᠢ ᠠᠬᠢᠭᠤᠯᠵᠤ᠂ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠷᠤᠨ ᠤ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠨᠡᠮᠡᠷᠢᠯᠡᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠭᠡᠭ ᠤᠯᠤᠰ ᠤᠨ ᠪᠠᠶᠢᠭᠤᠯᠤᠯᠲᠠ ᠶᠢ ᠨᠠᠩ ᠰᠠᠶᠢᠲᠤᠷ ᠥᠷᠨᠢᠭᠦᠯᠬᠦ ᠶᠢ ᠠᠬᠢᠭᠤᠯᠤᠨ᠎ᠠ᠃
        0608自治区政府与国家知识产权局签署合作会商议定书 布小林申长雨代表双方签约2.jpg
              ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠮᠤᠨ ᠣᠷᠣᠨ ᠤ ᠬᠠᠮᠲᠤᠷᠠᠯᠴᠠᠭ᠎ᠠ ᠵᠦᠪᠳᠡᠯᠴᠡᠬᠡᠨ ᠤ ᠵᠥᠪᠯᠡᠨ ᠲᠣᠭᠲᠠᠬᠰᠠᠨ ᠵᠦᠢᠯᠡᠰ ᠢ ᠨᠠᠶᠢᠳᠠᠪᠤᠷᠢᠵᠢᠭᠤᠯᠬᠤ᠂ ᠮᠠᠨ ᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠵᠤ᠂ ᠶᠠᠮᠤᠨ ᠣᠷᠣᠨ ᠤ ᠬᠠᠮᠲᠤᠷᠠᠯᠴᠠᠭ᠎ᠠ ᠵᠥᠪᠳᠡᠯᠴᠡᠬᠡᠨ ᠤ ᠲᠣᠭᠲᠡᠴᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠶᠠᠮᠤᠨ ᠣᠷᠣᠨ ᠤ ᠵᠥᠪᠯᠡᠨ ᠲᠣᠭᠲᠠᠬᠰᠠᠨ ᠵᠦᠢᠯᠡᠰ ᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ᠂ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠭ᠎ᠠ ᠪᠣᠭᠤᠮᠢ ᠶᠢ ᠬᠦᠴᠦᠯᠡᠨ ᠠᠷᠢᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠭᠡᠷᠡᠭᠳᠠᠢ ᠬᠡᠵᠤ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠭᠠᠩ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠠᠷ ᠤᠨ ᠥᠰᠥᠭ ᠵᠢᠷᠤᠬᠤ ᠶᠣᠰᠣᠯᠠᠯ ᠪᠠ ᠬᠤᠷᠠᠯ ᠳᠤ ᠣᠷᠣᠯᠴᠠᠪᠠ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ