内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠬᠡᠬᠤᠲᠠ ᠪᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ
        ᠨᠡᠶᠢᠲᠡᠯᠡᠭᠰᠡᠨ ᠴᠠᠭ᠄
        2021/6/8
              6 ᠰᠠᠷ᠎ᠠ ᠶᠢᠨ 7 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠥᠬᠡᠬᠤᠲᠠ ᠳᠤ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠩᠬᠢ ᠶᠢᠨ ᠳᠠᠷᠤᠭ᠎ᠠ ᠵᠠᠩ ᠴᠢᠩ ᠰᠦᠩ ᠲᠠᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠡᠯᠡᠯᠴᠡᠭᠡ ᠬᠢᠭᠰᠡᠨ ᠤ ᠬᠠᠮᠲᠤ ᠬᠥᠬᠡᠬᠤᠲᠠ ᠶᠢᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠬᠤ ᠶᠢ ᠬᠡᠷᠡᠴᠢᠯᠡᠪᠡ᠃
        W020210608331997635253.jpg     
              ᠪᠦ᠋ ᠰᠢᠶᠤᠤ ᠯᠢᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠵᠦ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠤᠯ ᠤᠨ ᠡᠯ᠎ᠡ ᠬᠦᠷᠢᠶ᠎ᠠ ᠴᠠᠷᠠᠭ᠎ᠠ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠥᠷᠭᠡᠳᠬᠡᠵᠦ᠂ ᠴᠢᠨᠠᠷ ᠰᠠᠶᠢᠲᠠᠶ ᠬᠥᠭᠵᠢᠬᠦ ᠳᠤᠮᠳᠠ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ ᠬᠡᠪᠡ᠃      ᠵᠠᠩ ᠴᠢᠩ ᠰᠦᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
        W020210608331997729202.jpg
                   ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠬᠤᠸᠠᠩ ᡁᠢ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠯᠴᠡᠭᠡ ᠬᠢᠵᠤ ᠵᠦᠪᠯᠡᠯᠴᠡᠬᠡᠷ ᠲᠤᠬᠢᠷᠠᠯᠴᠠᠬᠤ ᠳᠤ ᠤᠷᠤᠯᠴᠠᠪᠠ᠃ ᠬᠥᠬᠡᠬᠤᠲᠠ ᠶᠢᠨ ᠬᠤᠲᠠ ᠶᠢᠨ ᠳᠠᠷᠤᠭ᠎ᠠ ᠾᠧ ᠬᠠᠶ ᠳ᠋ᠦᠩ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠠᠷᠤᠭ᠎ᠠ ᠵᠠᠩ ᠴᠦᠨ ᠯᠢᠨ ᠬᠤᠶᠠᠷ ᠲᠠᠯ᠎ᠠ ᠶᠢᠨ ᠬᠢᠨ ᠢᠶᠠᠨ ᠲᠥᠯᠥᠭᠡᠯᠡᠵᠦ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠥᠬᠡᠬᠤᠲᠠ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠰᠠᠭᠤᠷᠢ ᠲᠥᠬᠦᠭᠡᠷᠦᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠤᠶᠤᠨᠲᠤ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠪᠤᠯᠤᠨ᠎ᠠ᠃ 
        ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ