内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠥᠰᠦᠯ
        ᠨᠡᠶᠢᠲᠡᠯᠡᠭᠰᠡᠨ ᠴᠠᠭ᠄
        2021/6/8
              2021 ᠣᠨ ᠤ 5 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠥᠰᠦᠯ︾ ︵ᠳᠣᠷᠣᠭᠰᠢ ︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠢ ᠪᠠᠶᠢᠷᠢᠯᠠᠭᠤᠯᠪᠠ᠃       ᠨᠢᠭᠡ᠂ ᠶᠠᠭᠤᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠬᠡᠷᠡᠭᠲᠡᠶ ᠪᠣᠶ︖       2020 ᠣᠨ ᠤ 12 ᠳ᠋ᠤᠭᠠᠷ ᠰᠠᠷ᠎ᠠ ᠶᠢᠨ 14 ᠤ ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠵᠤ᠂ ᠣᠷᠣᠨ ᠨᠤᠲᠤᠭ ᠤᠨ ᠲᠣᠬᠢᠷᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠠᠷᠭᠠᠭᠰᠠᠨ ᠪᠥᠭᠡᠳ ᠣᠷᠣᠨ ᠨᠤᠲᠤᠭ ᠲᠤ ᠭᠥᠯᠢᠶᠡᠨ ᠠᠪᠴᠤ ᠰᠣᠨᠣᠰᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠶᠢᠯᠡᠭᠦᠯᠵᠦ ᠪᠣᠯᠬᠤ ᠶᠢ ᠨᠢ ᠠᠯᠢ ᠴᠢᠳᠠᠬᠤ ᠪᠠᠷ ᠨᠡᠶᠢᠯᠡᠭᠦᠯᠦᠨ᠂ ᠠᠯᠢ ᠴᠢᠳᠠᠬᠤ ᠪᠠᠷ ᠨᠢᠭᠡ ᠨᠣᠮᠧᠷ ᠢ ᠬᠡᠷᠡᠭᠯᠡᠵᠦ᠂ ᠣᠯᠠᠨ ᠲᠦᠮᠡᠨ ᠤ ᠴᠡᠭᠡᠵᠢᠯᠡᠬᠦ ᠪᠠ ᠬᠡᠷᠡᠭᠯᠡᠬᠦ ᠳᠤ ᠲᠥᠬᠦᠮ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2020﹈ 53 ᠳ᠋ᠤᠭᠠᠷ ᠲᠣᠭᠠᠲᠤ︶ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠤ᠂ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠨᠣᠮᠧᠷ ᠢ ᠲᠡᠮᠳᠡᠭᠯᠡᠬᠦ ᠳᠤ ᠬᠦᠴᠢᠷ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ᠂ ᠦᠢᠯᠡᠴᠢᠯᠡᠭᠡ ᠪᠠᠷ ᠠᠨᠠᠶ᠂ ᠦᠷ᠎ᠡ ᠳ᠋ᠦᠩ ᠥᠬᠡᠶ︾ ᠵᠡᠷᠭᠡ ᠠᠰᠠᠭᠤᠳᠠᠯ ᠢ ᠡᠷᠴᠢᠮᠯᠡᠨ ᠰᠢᠢᠳᠪᠦᠷᠢᠯᠡᠵᠦ᠂ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠣᠯᠪᠠ᠃       ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠶᠠᠮᠠᠷ ᠶᠠᠮᠠᠷ ᠲᠥᠬᠦᠮ ᠨᠥᠬᠦᠴᠡᠯ ᠠᠪᠴᠢᠷᠠᠬᠤ ᠪᠣᠶ︖       2021 ᠣᠨ ᠤ ᠵᠢᠯ ᠤᠨ ᠡᠴᠦᠰ ᠠᠴᠠ ᠡᠮᠦᠨ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠳᠤ ᠲᠣᠬᠢᠷᠠᠭᠤᠯᠤᠭᠰᠠᠨ ᠪᠥᠭᠡᠳ ᠭᠥᠯᠢᠶᠡᠨ ᠠᠪᠴᠤ ᠰᠣᠨᠣᠰᠴᠤ ᠪᠠᠶᠢᠭ᠎ᠠ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠤᠨ ᠬᠠᠯᠠᠮᠰᠢᠯ ᠤᠲᠠᠰᠤ ᠶᠢ ᠨᠢᠭᠡᠳᠦᠯᠲᠡᠶ ᠪᠠᠷ 12345 ᠬᠠᠯᠠᠮᠰᠢᠯ ᠤᠲᠠᠰᠤ ᠳᠤ ᠨᠡᠶᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ︽7 × 24 ᠴᠠᠭ︾ ᠤᠨ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠣᠶᠣᠨᠯᠢᠭ ᠪᠦᠬᠦᠯᠢ ᠡᠳᠦᠷ ᠤᠨ ᠬᠥᠮᠦᠨ ᠤ ᠬᠦᠴᠦᠨ ᠤ ᠦᠢᠯᠡᠴᠢᠯᠡᠭᠡ ᠶᠢ ᠬᠠᠩᠭᠠᠨ᠎ᠠ᠃ 12345 ᠬᠠᠯᠠᠮᠰᠢᠯ ᠤᠲᠠᠰᠤ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶ ᠦᠢᠯᠡᠴᠢᠯᠡᠭᠡ︾ ᠪᠣᠯᠤᠭᠰᠠᠨ ᠤ ᠬᠤᠪᠢ ᠳᠤ᠂ ᠭᠤᠤᠯᠳᠠᠭᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ ᠶᠢ ᠭᠥᠯᠢᠶᠡᠨ ᠠᠪᠴᠤ ᠰᠢᠢᠳᠪᠦᠷᠢᠯᠡᠨ᠎ᠡ᠃       ᠭᠤᠷᠪᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠶᠠᠮᠠᠷ ᠠᠷᠭ᠎ᠠ ᠮᠠᠶ᠋ᠢᠭ ᠢᠶᠠᠷ ᠡᠮᠬᠢᠯᠡᠨ ᠨᠡᠶᠢᠯᠡᠭᠦᠯᠬᠦ ᠪᠣᠶ︖       ᠥᠪᠡᠷᠲᠡᠭᠡᠨ ᠵᠠᠰᠠᠬᠤ ᠣᠷᠣᠨ ︽ᠪᠦᠬᠦᠯᠢ ᠴᠣᠭᠴᠠ ᠪᠠᠷ ᠨᠢ ᠨᠡᠶᠢᠯᠡᠭᠦᠯᠬᠦ︾᠂ ︽ᠬᠤᠤᠰ ᠨᠣᠮᠧᠷ ᠢ ᠵᠡᠷᠭᠡ ᠪᠠᠷ ᠨᠡᠪᠲᠡᠷᠡᠭᠦᠯᠬᠦ︾᠂ ︽ᠬᠤᠪᠢᠶᠠᠷᠢ ᠲᠥᠪ ᠪᠠᠶᠢᠭᠤᠯᠬᠤ︾ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠦᠭᠡᠳ ᠬᠠᠯᠠᠮᠰᠢᠯ ᠤᠲᠠᠰᠤ ᠶᠢ ᠨᠡᠶᠢᠯᠡᠭᠦᠯᠦᠭᠰᠡᠨ ᠤ ᠳᠠᠷᠠᠭ᠎ᠠ ᠵᠠᠷᠴᠢᠮ ᠳᠡᠭᠡᠷ᠎ᠡ ᠪᠠᠨ ᠬᠠᠯᠠᠮᠰᠢᠯ ᠤᠲᠠᠰᠤᠨ ᠤ ᠨᠣᠮᠧᠷ ᠢ ᠳᠠᠭᠢᠵᠤ ᠰᠢᠨ᠎ᠡ ᠪᠠᠷ ᠲᠣᠬᠢᠷᠠᠭᠤᠯᠬᠤ ᠥᠬᠡᠶ᠂ ᠨᠣᠮᠧᠷ ᠢ ᠨᠢ ᠨᠢᠭᠡᠨᠲᠡ ᠬᠠᠰᠤᠭᠰᠠᠨ ᠪᠠᠶᠢᠪᠠᠯ᠂ ᠵᠠᠷᠴᠢᠮ ᠳᠡᠭᠡᠷ᠎ᠡ ᠪᠠᠨ ᠳᠠᠭᠢᠵᠤ ᠰᠡᠷᠭᠦᠭᠡᠬᠦ ᠥᠬᠡᠶ ᠭᠡᠵᠦ ᠲᠣᠳᠣᠷᠬᠠᠶ ᠲᠣᠭᠲᠠᠭᠠᠪᠠ᠃       ︽ᠪᠦᠬᠦᠯᠢ ᠴᠣᠭᠴᠠ ᠪᠠᠷ ᠨᠢ ᠨᠡᠶᠢᠯᠡᠭᠦᠯᠬᠦ︾ ᠭᠡᠳᠡᠭ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠥᠪᠡᠷ ᠢᠶᠠᠨ ᠲᠣᠬᠢᠷᠠᠭᠤᠯᠤᠭᠰᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠮᠠᠨ ᠤ ᠣᠷᠣᠨ ᠳᠤ ᠲᠣᠬᠢᠷᠠᠭᠤᠯᠤᠭᠰᠠᠨ ᠨᠡᠯᠢᠶᠡᠳ ᠳᠣᠤᠷ᠎ᠠ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠢᠭᠡᠳᠦᠯᠲᠡᠶ ᠪᠠᠷ 12345 ᠬᠠᠯᠠᠮᠰᠢᠯ ᠤᠲᠠᠰᠤᠨ ᠳᠤ ᠨᠡᠶᠢᠯᠡᠭᠦᠯᠬᠦ ᠶᠢ ᠵᠢᠭᠠᠵᠤ ᠪᠣᠶ᠃       ︽ᠬᠤᠤᠰ ᠨᠣᠮᠧᠷ ᠢ ᠵᠡᠷᠭᠡ ᠪᠠᠷ ᠨᠡᠪᠲᠡᠷᠡᠭᠦᠯᠬᠦ︾ ᠭᠡᠳᠡᠭ ᠨᠢ ᠤᠲᠠᠰᠤᠨ ᠤ ᠠᠵᠢᠯ ᠤᠨ ᠬᠡᠮᠵᠢᠶ᠎ᠡ ᠶᠡᠭᠡ᠂ ᠨᠡᠶᠢᠭᠡᠮ ᠤᠨ ᠮᠡᠳᠡᠷᠡᠮᠵᠢ ᠥᠨᠳᠥᠷ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠣᠬᠢᠷᠠᠭᠤᠯᠤᠭᠰᠠᠨ ᠪᠥᠭᠡᠳ ᠮᠠᠨ ᠤ ᠣᠷᠣᠨ ᠳᠤ ᠭᠥᠯᠢᠶᠡᠨ ᠠᠪᠴᠤ ᠰᠣᠨᠣᠰᠴᠤ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠨᠣᠮᠧᠷ ᠢ ᠨᠢ ᠦᠯᠡᠳᠡᠭᠡᠵᠦ᠂ ᠤᠲᠠᠰᠤᠨ ᠤ ᠵᠠᠯᠭᠠᠯᠲᠠ ᠶᠢᠨ ᠰᠠᠭᠤᠳᠠᠯ ᠢ 12345 ᠬᠠᠯᠠᠮᠰᠢᠯ ᠤᠲᠠᠰᠤ ᠳᠤ ᠨᠡᠶᠢᠯᠡᠭᠦᠯᠦᠨ ᠨᠢᠭᠡᠳᠦᠯᠲᠡᠶ ᠬᠠᠮᠢᠶᠠᠷᠬᠤ ᠶᠢ ᠵᠢᠭᠠᠵᠤ ᠪᠣᠢ᠃ ᠨᠡᠶᠢᠯᠡᠭᠦᠯᠬᠦ ᠨᠥᠬᠦᠴᠡᠯ ᠢ ᠪᠦᠷᠢᠯᠳᠦᠭᠦᠯᠦᠭᠡᠳᠦᠶ ᠬᠠᠯᠠᠮᠰᠢᠯ ᠤᠲᠠᠰᠤᠨ ᠤ ᠵᠠᠯᠭᠠᠯᠲᠠ ᠶᠢᠨ ᠰᠠᠭᠤᠳᠠᠯ ᠢ ᠨᠢ ᠦᠯᠡᠳᠡᠭᠡᠵᠦ᠂ 12345 ᠬᠠᠯᠠᠮᠰᠢᠯ ᠤᠲᠠᠰᠤ ᠯᠤᠭ᠎ᠠ ᠤᠲᠠᠰᠤ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ ᠪᠣᠯᠤᠨ᠎ᠠ᠃       ︽ᠬᠤᠪᠢᠶᠠᠷᠢ ᠲᠥᠪ ᠪᠠᠶᠢᠭᠤᠯᠬᠤ︾ ᠭᠡᠳᠡᠭ ᠨᠢ ᠡᠭᠴᠡ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠲᠣᠬᠢᠷᠠᠭᠤᠯᠤᠭᠰᠠᠨ ᠬᠠᠯᠠᠮᠰᠢᠯ ᠤᠲᠠᠰᠤ ᠶᠢ ᠬᠤᠪᠢᠶᠠᠷᠢ ᠲᠥᠪ ᠤᠨ ᠬᠡᠯᠪᠡᠷᠢ ᠪᠠᠷ ᠰᠠᠭᠤᠭ᠎ᠠ ᠭᠠᠵᠠᠷ ᠤᠨ ᠢᠶᠠᠨ 12345 ᠬᠠᠯᠠᠮᠰᠢᠯ ᠤᠲᠠᠰᠤᠨ ᠳᠤ ᠨᠡᠶᠢᠯᠡᠭᠦᠯᠦᠨ᠂ ᠨᠣᠮᠧᠷ ᠪᠠ ᠵᠠᠯᠭᠠᠯᠲᠠ ᠶᠢᠨ ᠰᠠᠭᠤᠳᠠᠯ ᠢ ᠦᠯᠡᠳᠡᠭᠡᠵᠦ᠂ 12345 ᠬᠠᠯᠠᠮᠰᠢᠯ ᠤᠲᠠᠰᠤ ᠯᠤᠭ᠎ᠠ ᠳᠠᠮᠵᠢᠭᠤᠯᠤᠨ ᠵᠠᠯᠭᠠᠬᠤ ᠲᠣᠭᠲᠠᠴᠠ ᠶᠢ ᠪᠠᠶᠢᠭᠤᠯᠵᠤ᠂ ᠲᠤᠰᠬᠠᠶ ᠮᠡᠷᠭᠡᠵᠢᠯ ᠤᠨ ᠠᠰᠠᠭᠤᠳᠠᠯ ᠵᠢᠴᠢ ᠰᠠᠯᠠᠭ᠎ᠠ ᠮᠥᠴᠢᠷ ᠤᠨ ᠭᠦᠢᠴᠡᠳᠬᠡᠬᠦ ᠴᠢᠬᠤᠯᠠᠲᠠᠶ ᠵᠦᠢᠯᠡᠰ ᠢ ᠳᠠᠮᠵᠢᠭᠤᠯᠤᠨ ᠵᠠᠯᠭᠠᠬᠤ᠂ ᠠᠵᠢᠯ ᠤᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠶᠠᠷᠢ ᠲᠥᠪ ᠲᠤ ᠰᠢᠯᠵᠢᠭᠦᠯᠦᠨ ᠭᠦᠢᠴᠡᠳᠬᠡᠬᠦ ᠶᠢ ᠵᠢᠭᠠᠵᠤ ᠪᠠᠶᠢᠨ᠎ᠠ᠃       ᠳᠥᠷᠪᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠡᠮᠬᠢᠯᠡᠨ ᠨᠡᠶᠢᠯᠡᠭᠦᠯᠬᠦ ᠠᠵᠢᠯ ᠢ ᠬᠡᠷᠬᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠣᠶ︖       ᠨᠢᠭᠡ ᠳᠤ᠂ ᠠᠵᠢᠯ ᠤᠨ ᠠᠭᠤᠯᠭ᠎ᠠ ᠶᠢ ᠲᠣᠳᠣᠷᠬᠠᠶᠢᠯᠠᠨ᠎ᠠ᠃ ᠨᠢᠭᠡᠳᠦᠯᠲᠡᠶ ᠲᠤᠭ᠎ᠠ ᠪᠠᠷᠢᠮᠲᠠ ᠶᠢᠨ ᠵᠠᠯᠭᠠᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠯᠤᠭ᠎ᠠ ᠲᠤᠭ᠎ᠠ ᠪᠠᠷᠢᠮᠲᠠ ᠪᠠᠨ ᠵᠣᠯᠭᠠᠭᠤᠯᠣᠨ᠎ᠠ︔ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠦᠢᠯᠡᠴᠢᠯᠡᠭᠡᠨ ᠤ ᠤᠬᠠᠮᠰᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢᠶᠠᠷ ᠥᠨᠳᠥᠷ᠂ ᠠᠵᠢᠯ ᠤᠨ ᠰᠤᠷᠲᠠᠯ ᠢᠶᠠᠷ ᠲᠥᠪ ᠠᠵᠢᠯᠲᠠᠨ ᠢ ᠰᠣᠩᠭᠤᠨ ᠬᠠᠯᠠᠭᠤᠨ ᠤᠲᠠᠰᠤᠨ ᠤ ᠡᠩᠨᠡᠭᠡ ᠳᠤ ᠣᠷᠤᠭᠤᠯᠤᠨ᠎ᠠ︔ ᠢᠨᠲ᠋ᠧᠷ ᠰᠦᠯᠵᠢᠶᠡᠨ ᠤ ᠠᠷᠭ᠎ᠠ ᠵᠠᠮ ᠢ ᠥᠷᠭᠡᠳᠬᠡᠵᠦ᠂ ᠬᠦᠯᠢᠶᠠᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠤ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠎ᠠ︔ ᠭᠥᠯᠢᠶᠡᠨ ᠠᠪᠬᠤ᠂ ᠬᠠᠭᠤᠳᠠᠰᠤ ᠲᠣᠮᠢᠯᠠᠬᠤ᠂ ᠭᠦᠢᠴᠡᠳᠬᠡᠬᠦ᠂ ᠬᠠᠷᠢᠭᠤᠯᠲᠠ ᠥᠭᠬᠦ᠂ ᠰᠢᠮᠳᠠᠭᠤᠯᠤᠨ ᠭᠦᠢᠴᠡᠳᠬᠡᠬᠦ᠂ ᠰᠢᠢᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ᠂ ᠵᠠᠳᠠᠯᠤᠯᠲᠠ ᠬᠢᠬᠦ᠂ ᠦᠨᠡᠯᠡᠬᠦ ᠵᠡᠷᠭᠡ ᠭᠤᠭᠴᠤᠭ᠎ᠠ ᠶᠢᠨ ᠠᠵᠢᠯ ᠤᠨ ᠴᠤᠪᠤᠷᠠᠯ ᠢ ᠪᠦᠷᠢᠨᠰᠢᠭᠦᠯᠦᠨ᠎ᠡ︔ ᠡᠯ᠎ᠡ ᠱᠠᠲᠤᠨ ᠤ 12345 ᠬᠠᠯᠠᠮᠰᠢᠯ ᠤᠲᠠᠰᠤᠨ ᠤ ᠲᠠᠪᠴᠠᠩ ᠪᠣᠯᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠠᠬᠢᠭᠤᠯᠤᠨ᠎ᠠ︔ ᠰᠠᠷ᠎ᠠ ᠶᠢᠨ ᠬᠢᠨᠠᠨ ᠬᠡᠮᠵᠢᠬᠦ᠂ ᠣᠨ ᠤ ᠦᠨᠡᠯᠡᠨ ᠵᠢᠱᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠰᠢᠮᠳᠠᠭᠤᠯᠤᠨ ᠭᠦᠢᠴᠡᠳᠬᠡᠬᠦ ᠬᠠᠭᠤᠳᠠᠰᠤ᠂ ᠲᠤᠰᠬᠠᠶ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠭᠦᠢᠴᠡᠳᠬᠡᠬᠦ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ︽ᠬᠡᠨ ᠬᠠᠮᠢᠶᠠᠷᠪᠠᠯ᠂ ᠬᠡᠨ ᠬᠡᠷᠡᠭᠯᠡᠬᠦ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠬᠠᠶᠢᠯᠠᠭᠰᠠᠨ ᠠᠵᠢᠯ ᠤᠨ ᠰᠢᠰᠲ᠋ᠧᠮ ᠢ ᠰᠤᠷᠪᠤᠯᠵᠢᠯᠠᠨ ᠯᠠᠪᠯᠠᠬᠤ᠂ ᠬᠠᠮᠲᠤ ᠪᠠᠷ ᠬᠦᠷᠲᠡᠬᠦ ᠮᠡᠳᠡᠭᠡ ᠵᠠᠩᠭᠢ ᠶᠢ ᠬᠡᠷᠡᠭᠯᠡᠬᠦ ᠪᠥᠬᠦ ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠨ᠎ᠡ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡ ᠰᠠᠯᠠᠭ᠎ᠠ ᠮᠥᠴᠢᠷ ᠢ 12345 ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠪᠠᠷ ᠲᠣᠭᠲᠠᠭᠠᠵᠤ᠂ ᠠᠶᠢᠮᠠᠭ ᠬᠤᠲᠠ ᠶᠢᠨ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠪᠠ ᠰᠢᠯᠵᠢᠭᠦᠯᠦᠨ ᠲᠣᠮᠢᠯᠠᠬᠤ ᠶᠢ ᠬᠠᠷᠢᠭᠤᠴᠠᠭᠤᠯᠤᠨ᠎ᠠ᠃       ᠬᠤᠶᠠᠷ ᠲᠤ ᠠᠵᠢᠯ ᠤᠨ ᠠᠯᠬᠤᠮ ᠳᠠᠷᠠᠭ᠎ᠠ ᠶᠢ ᠲᠣᠳᠣᠷᠬᠠᠶᠢᠯᠠᠨ᠎ᠠ᠃ ᠨᠢᠭᠡᠳᠦᠭᠡᠷ ᠱᠠᠲᠤ ᠦᠶ᠎ᠡ᠂ ᠡᠬᠢᠯᠡᠭᠦᠯᠦᠨ ᠪᠠᠶᠢᠷᠢᠯᠠᠭᠤᠯᠬᠤ ᠱᠠᠲᠤ ᠦᠶ᠎ᠡ ︵2021 ᠣᠨ ᠤ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ︶ ᠪᠣᠯᠣᠨ᠎ᠠ᠃ ᠬᠠᠯᠠᠮᠰᠢᠯ ᠤᠲᠠᠰᠤᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠨ᠎ᠠ᠃ ᠬᠤᠶᠠᠳᠤᠭᠠᠷ ᠱᠠᠲᠤ ᠦᠶ᠎ᠡ᠂ ᠨᠡᠶᠢᠯᠡᠭᠦᠯᠦᠨ ᠰᠢᠯᠢᠳᠡᠭᠵᠢᠭᠦᠯᠬᠦ ᠱᠠᠲᠤ ᠦᠶ᠎ᠡ ︵2021 ᠣᠨ ᠤ 9 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ︶ ᠪᠣᠯᠣᠨ᠎ᠠ᠃ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠲᠥᠷᠥᠯ ᠬᠤᠪᠢᠶᠠᠨ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ ᠭᠤᠷᠪᠠᠳᠤᠭᠠᠷ ᠱᠠᠲᠤ ᠦᠶ᠎ᠡ᠂ ᠵᠢᠷᠤᠮᠵᠢᠭᠤᠯᠤᠨ ᠠᠵᠢᠯᠯᠠᠭᠤᠯᠬᠤ ᠱᠠᠲᠤ ᠦᠶ᠎ᠡ ︵2021 ᠣᠨ ᠤ 11 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ︶ ᠪᠣᠯᠣᠨ᠎ᠠ᠃ ᠡᠯ᠎ᠡ ᠭᠠᠵᠠᠷ ᠣᠷᠣᠨ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠮᠢᠶ᠎ᠠ ᠪᠥᠬᠦᠶ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠬᠤ ᠪᠠ ᠪᠦᠷᠢᠨᠰᠢᠭᠦᠯᠵᠦ᠂ 12345 ᠬᠠᠯᠠᠮᠰᠢᠯ ᠤᠲᠠᠰᠤ ᠶᠢᠨ ᠠᠵᠢᠯᠯᠠᠭᠠᠨ ᠢ ᠬᠠᠮᠢᠶᠠᠷᠬᠤ᠂ ᠮᠥᠷᠳᠡᠨ ᠳᠣᠭᠢᠷᠠᠭᠤᠯᠬᠤ᠂ ᠰᠢᠯᠭᠠᠨ ᠬᠢᠨᠠᠵᠤ ᠦᠨᠡᠯᠡᠬᠦ᠂ ᠰᠢᠮᠳᠠᠭᠤᠯᠤᠨ ᠭᠦᠢᠴᠡᠳᠭᠡᠯᠭᠡᠬᠦ ᠬᠠᠷᠢᠭᠤᠴᠠᠯᠭ᠎ᠠ ᠲᠤᠯᠭᠠᠬᠤ ᠵᠡᠷᠭᠡ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠲᠣᠭᠲᠠᠭᠠᠨ᠂ ᠠᠵᠢᠯ ᠤᠨ ᠴᠤᠪᠤᠷᠠᠯ ᠢ ᠨᠠᠷᠢᠯᠢᠬᠵᠢᠭᠤᠯᠤᠨ᠎ᠠ᠃ ᠳᠥᠷᠪᠡᠳᠦᠭᠡᠷ ᠱᠠᠲᠤ ᠦᠶ᠎ᠡ᠂ ᠳ᠋ᠦᠩᠨᠡᠨ ᠪᠥᠷᠢᠨᠰᠢᠭᠦᠯᠬᠦ ᠱᠠᠲᠤ ᠦᠶ᠎ᠡ ︵2021 ᠣᠨ ᠤ 12 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ︶ ᠪᠣᠯᠣᠨ᠎ᠠ᠃ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ ᠨᠥᠬᠦᠪᠥᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃       ᠭᠤᠷᠪᠠ ᠳᠤ ᠪᠠᠲᠤᠯᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠪᠥᠬᠦ ᠣᠷᠣᠨ ᠤ 12345 ᠬᠠᠯᠠᠮᠰᠢᠯ ᠤᠲᠠᠰᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ 12345 ᠬᠠᠯᠠᠮᠰᠢᠯ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠢ ᠵᠢᠯᠣᠭᠤᠳᠤᠨ ᠰᠢᠮᠳᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢ ᠨᠡᠶᠢᠯᠡᠭᠦᠯᠦᠨ ᠰᠢᠯᠢᠳᠡᠭᠵᠢᠭᠦᠯᠬᠦ ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠂ ᠡᠯ᠎ᠡ ᠰᠠᠯᠠᠭ᠎ᠠ ᠮᠥᠴᠢᠷ ᠤᠳ ᠲᠢᠩᠬᠢᠮ ᠤᠨ ᠲᠠᠰ ᠤᠨ 1 ᠤᠳᠤᠷᠢᠳᠤᠯᠭ᠎ᠠ ᠪᠠᠷ ᠲᠣᠰ ᠠᠵᠢᠯ ᠢ ᠬᠠᠷᠢᠭᠤᠴᠠᠭᠤᠯᠬᠤ ᠪᠠᠷ ᠲᠣᠳᠣᠷᠬᠠᠶᠢᠯᠠᠬᠤ ᠶᠢᠨ ᠬᠠᠮᠲᠤ ᠭᠠᠵᠠᠷ ᠤᠨ ᠲᠠᠰ ᠤᠨ 1 ᠺᠠᠳ᠋ᠷ ᠢ ᠬᠤᠯᠪᠣᠭᠠᠴᠢᠨ ᠪᠣᠯᠭᠠᠬᠤ ᠪᠠᠷ ᠲᠣᠳᠣᠷᠬᠠᠶᠢᠯᠠᠨ᠎ᠠ︔ ᠣᠲᠣ ᠶᠢᠨ ᠪᠠᠶᠢᠭ᠎ᠠ ᠵᠠᠷᠤᠳᠠᠯ ᠤᠨ ᠠᠷᠭ᠎ᠠ ᠵᠠᠮ ᠢ ᠰᠢᠯᠢᠳᠡᠭᠵᠢᠭᠦᠯᠦᠨ ᠪᠦᠷᠢᠨᠰᠢᠭᠦᠯᠵᠦ᠂ 12345 ᠬᠠᠯᠠᠮᠰᠢᠯ ᠤᠲᠠᠰᠤᠨ ᠤ ᠪᠠᠶᠢᠭᠤᠯᠤᠯᠲᠠ ᠪᠠ ᠠᠵᠢᠯᠯᠠᠭᠠᠨ ᠤ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ︔ 12345 ᠬᠠᠯᠠᠮᠰᠢᠯ ᠤᠲᠠᠰᠤᠨ ᠤ ᠴᠢᠳᠠᠮᠵᠢ ᠶᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ 12345 ᠬᠠᠯᠠᠮᠰᠢᠯ ᠤᠲᠠᠰᠤ ᠪᠠᠷ ᠳᠠᠮᠵᠢᠭᠤᠯᠤᠨ ᠠᠰᠠᠭᠤᠳᠠᠯ ᠢ ᠲᠤᠰᠬᠠᠬᠤ ᠪᠠ ᠵᠦᠶ ᠵᠣᠬᠢᠰᠲᠠᠶ ᠬᠦᠰᠡᠯ ᠱᠠᠭᠠᠷᠳᠠᠯᠭ᠎ᠠ ᠪᠠᠨ ᠢᠯᠡᠳᠬᠡᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ