内蒙古自治区人民政府 m.hga025.cσm

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        7 ᠳ᠋ᠤᠭᠠᠷ ᠰᠠᠷ᠎ᠠ ᠶᠢᠨ 1 ᠤ ᠡᠳᠦᠷ ᠮᠠᠨ ᠤ ᠣᠷᠣᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠠᠩᠬ᠎ᠠ ᠤᠳᠠᠭᠠᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠰᠡᠷᠭᠦᠭᠡᠬᠦ ᠪᠠᠷ ᠪᠣᠶ
        ᠨᠡᠶᠢᠲᠡᠯᠡᠭᠰᠡᠨ ᠴᠠᠭ᠄
        2021/6/9
              ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠠᠩᠬ᠎ᠠ ᠤᠳᠠᠭ᠎ᠠ ᠲᠠᠷᠢᠭᠤᠯᠤᠭᠰᠠᠨ ᠣᠯᠠᠨ ᠲᠦᠮᠡᠨ ᠴᠥᠮ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠬᠤᠶᠠᠳᠤᠭᠠᠷ ᠤᠳᠠᠭᠠᠨ ᠤ ᠲᠠᠷᠢᠯᠭ᠎ᠠ ᠲᠠᠷᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠣᠷᠣᠨ 6 ᠳ᠋ᠤᠭᠠᠷ ᠰᠠᠷ᠎ᠠ ᠶᠢᠨ 3 ᠤ ᠡᠳᠦᠷ ᠠᠴᠠ ᠡᠬᠢᠯᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠠᠩᠬ᠎ᠠ ᠤᠳᠠᠭᠠᠨ ᠤ ᠲᠠᠷᠢᠯᠭ᠎ᠠ ᠶᠢ ᠲᠦᠷ ᠵᠣᠭᠰᠣᠭᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ 7 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠣᠷᠣᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠠᠩᠬ᠎ᠠ ᠤᠳᠠᠭᠠᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠬᠦ ᠪᠠᠷ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ ᠲᠢᠶᠠᠨ ᠰᠢᠶᠤᠤ ᠯᠢᠩ ᠬᠡᠯᠡᠪᠡ᠃       ᠡᠨᠡ ᠬᠦ ᠬᠤᠭᠤᠴᠠᠭᠠᠨ ᠳᠤ᠂ ᠣᠨᠴᠠᠭᠠᠶ ᠬᠡᠷᠡᠭᠴᠡᠭᠡ ᠱᠠᠭᠠᠷᠳᠠᠯᠭ᠎ᠠ ᠠᠴᠠ ᠪᠣᠯᠵᠣ ᠠᠩᠬ᠎ᠠ ᠤᠳᠠᠭᠠᠨ ᠤ ᠲᠠᠷᠢᠯᠭ᠎ᠠ ᠲᠠᠷᠢᠬᠤ ᠴᠢᠬᠤᠯᠠᠲᠠᠶ ᠬᠥᠮᠦᠰ᠂ ᠵᠢᠱᠢᠶᠡᠯᠡᠪᠡᠯ ᠠᠯᠪᠠᠨ ᠤ ᠪᠠ ᠬᠤᠪᠢ ᠶᠢᠨ ᠤᠴᠢᠷ ᠢᠶᠠᠷ ᠪᠠᠴᠢᠮ ᠲᠦᠷᠭᠡᠨ ᠭᠠᠳᠠᠭᠠᠳᠤ ᠳᠤ ᠭᠠᠷᠬᠤ ᠬᠥᠮᠦᠰ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠬᠥᠮᠦᠰ ᠭᠤᠶᠤᠴᠢᠯᠠᠯ ᠳᠤᠷᠠᠳᠤᠭᠰᠠᠨ ᠤ ᠳᠠᠷᠠᠭ᠎ᠠ᠂ ᠰᠠᠭᠤᠭ᠎ᠠ ᠬᠠᠷᠢᠶ᠎ᠠ ᠣᠷᠣᠨ ᠤ ᠪᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠠᠩᠬ᠎ᠠ ᠤᠳᠠᠭᠠᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠵᠤ ᠪᠣᠯᠤᠨ᠎ᠠ᠃       ᠲᠢᠶᠠᠨ ᠰᠢᠶᠤᠤ ᠯᠢᠩ ᠤᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠮᠠᠨ ᠤ ᠣᠷᠣᠨ ᠤ ᠣᠯᠠᠨ ᠲᠦᠮᠡᠨ ᠤ ᠲᠠᠷᠢᠭᠤᠯᠵᠤ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠬᠢᠨ ᠨᠡᠶᠢᠯᠡᠭᠦᠯᠦᠭᠰᠡᠨ ᠤᠭᠤᠷᠠᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠪᠠ ᠢᠳᠡᠪᠬᠢ ᠦᠭᠡᠶᠢᠵᠢᠭᠦᠯᠦᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠭᠡᠵᠦ ᠬᠤᠶᠠᠷ ᠵᠦᠢᠯ ᠳᠤ ᠬᠤᠪᠢᠶᠠᠨ᠎ᠠ᠃ ᠳᠠᠬᠢᠨ ᠨᠡᠶᠢᠯᠡᠭᠦᠯᠦᠭᠰᠡᠨ ᠤᠭᠤᠷᠠᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦ ᠶᠠᠪᠤᠴᠠ ᠳᠤ 3 ᠤᠳᠠᠭ᠎ᠠ ᠲᠠᠷᠢᠭᠤᠯᠵᠤ᠂ ᠬᠤᠶᠠᠷ ᠤᠳᠠᠭ᠎ᠠ ᠶᠢᠨ ᠬᠤᠭᠤᠷᠤᠨᠳᠤ 4 ᠭᠠᠷᠠᠭ ᠪᠣᠶᠤ 4 ᠭᠠᠷᠠᠭ ᠠᠴᠠ ᠳᠡᠭᠡᠭᠰᠢ ᠠᠯᠤᠰᠯᠠᠨ ᠲᠠᠷᠢᠭᠤᠯᠤᠨ᠎ᠠ᠂ ᠬᠤᠶᠠᠳᠤᠭᠠᠷ ᠤᠳᠠᠭ᠎ᠠ ᠶᠢ ᠠᠩᠬ᠎ᠠ ᠤᠳᠠᠭᠠᠨ ᠤ ᠲᠠᠷᠢᠯᠭ᠎ᠠ ᠲᠠᠷᠢᠭᠰᠠᠨ ᠤ ᠳᠠᠷᠠᠭᠠᠬᠢ 4 ᠭᠠᠷᠠᠭ ᠠᠴᠠ 8 ᠭᠠᠷᠠᠭ ᠤᠨ ᠳᠣᠲᠣᠷ᠎ᠠ ᠲᠠᠷᠢᠭᠤᠯᠵᠤ᠂ ᠭᠤᠷᠪᠠᠳᠤᠭᠠᠷ ᠤᠳᠠᠭ᠎ᠠ ᠶᠢ ᠠᠩᠬ᠎ᠠ ᠤᠳᠠᠭᠠᠨ ᠤ ᠲᠠᠷᠢᠯᠭ᠎ᠠ ᠲᠠᠷᠢᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠲᠠᠷᠢᠭᠤᠯᠪᠠᠯ ᠳᠠᠷᠤᠢ ᠪᠣᠯᠴᠢᠬᠠᠨ᠎ᠠ᠃ ᠢᠳᠡᠪᠬᠢ ᠦᠭᠡᠶᠢᠵᠢᠭᠦᠯᠦᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦ ᠶᠠᠪᠤᠴᠠ ᠳᠤ 2 ᠤᠳᠠᠭ᠎ᠠ ᠲᠠᠷᠢᠭᠤᠯᠵᠤ᠂ ᠬᠤᠶᠠᠳᠤᠭᠠᠷ ᠤᠳᠠᠭ᠎ᠠ ᠶᠢ ᠶᠡᠷᠦ ᠳᠤ ᠪᠠᠨ ᠠᠩᠬ᠎ᠠ ᠤᠳᠠᠭ᠎ᠠ ᠳᠠᠷᠢᠭᠰᠠᠨ ᠤ ᠳᠠᠷᠠᠭᠠᠬᠢ 3 ᠠᠴᠠ 8 ᠭᠠᠷᠠᠭ ᠤᠨ ᠳᠣᠲᠣᠷ᠎ᠠ ᠲᠠᠷᠢᠭᠤᠯᠤᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠤᠶᠠᠳᠤᠭᠠᠷ ᠤᠳᠠᠭᠠᠨ ᠤ ᠲᠠᠷᠢᠯᠭ᠎ᠠ ᠲᠠᠷᠢᠭᠤᠯᠬᠤ ᠴᠢᠬᠤᠯᠠᠲᠠᠶ ᠣᠯᠠᠨ ᠲᠦᠮᠡᠨ ᠬᠤᠪᠢ ᠬᠥᠮᠦᠨ ᠤ ᠸᠠᠺᠼᠢᠨ ᠤ ᠲᠠᠷᠢᠯᠭ᠎ᠠ ᠶᠢᠨ ᠠᠯᠤᠰᠯᠠᠬᠤ ᠴᠠᠭ ᠢᠶᠠᠨ ᠦᠨᠳᠦᠰᠦᠯᠡᠨ ᠡᠮᠬᠢ ᠵᠢᠷᠤᠮ ᠲᠠᠢ ᠪᠠᠷ ᠲᠠᠷᠢᠭᠤᠯᠬᠤ ᠬᠡᠷᠡᠭᠲᠡᠶ᠃ ᠲᠠᠷᠢᠭᠤᠯᠬᠤ ᠳᠤ ᠪᠠᠨ ᠲᠤᠰ ᠬᠥᠮᠦᠨ ᠤ ᠠᠩᠬ᠎ᠠ ᠤᠳᠠᠭᠠᠨ ᠤ ᠲᠠᠷᠢᠯᠭ᠎ᠠ ᠶᠢᠨ ᠭᠡᠷᠡᠴᠢ ᠦᠨᠡᠮᠯᠡᠯ ᠪᠣᠯᠤᠨ ᠪᠡᠶ᠎ᠡ ᠶᠢᠨ ᠦᠨᠡᠮᠯᠡᠯ ᠢᠶᠠᠨ ᠠᠪᠴᠤ ᠣᠴᠢᠬᠤ ᠬᠡᠷᠡᠭᠲᠡᠶ᠃
        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ